2016 ᠣᠨ ᠤ ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠲᠣᠭᠠᠨ ᠤ ᠤᠬᠠᠭᠠᠨ ᠤ ᠪᠠᠭᠰᠢᠨᠠᠷ ᠤᠨ ᠰᠤᠷᠠᠭ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠦᠷᠢ ᠶᠢᠨ ᠪᠣᠯᠪᠠᠰᠤᠷᠠᠯ

2016 ᠣᠨ ᠤ ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠲᠣᠭᠠᠨ ᠤ ᠤᠬᠠᠭᠠᠨ ᠤ ᠪᠠᠭᠰᠢᠨᠠᠷ ᠤᠨ ᠰᠤᠷᠠᠭ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠦᠷᠢ ᠶᠢᠨ ᠪᠣᠯᠪᠠᠰᠤᠷᠠᠯ 4 ᠰᠠᠷ᠎ᠠ ᠶᠢᠨ14 ᠤ ᠡᠳᠦᠷ ᠤᠯᠠᠭᠠᠨᠬᠠᠳᠠ ᠬᠣᠲᠠ ᠳ᠋ᠤ ᠶᠠᠪᠤᠭᠳᠠᠪᠠ᠃

ᠲᠤᠰ ᠤᠳᠠᠭᠠᠨ ᠤ ᠪᠣᠯᠪᠠᠰᠤᠷᠠᠯ ᠢ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠲᠢᠩᠬᠢᠮ ᠭᠣᠯᠯᠠᠨ ᠡᠷᠬᠢᠯᠡᠵᠤ᠂ ᠤᠯᠠᠭᠠᠨᠬᠠᠳᠠ ᠬᠣᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠳᠠᠭᠠᠭᠠᠨ ᠬᠢᠪᠡ᠃ ᠦᠪᠡᠷᠲᠡᠭᠡᠨ ᠵᠠᠰᠠᠬᠤ ᠣᠷᠤᠨ ᠤ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠪᠢᠯᠢᠭᠲᠦ᠂ ᠤᠯᠠᠭᠠᠨᠬᠠᠳᠠ ᠬᠣᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠳᠠᠷᠤᠭ᠎ᠠ ᠬᠠᠨ ᠯᠢ ᠵᠦᠩ ᠪᠠ ᠳᠡᠳ᠋ ᠲᠣᠪᠴᠢᠶᠠᠨ ᠳᠠᠷᠤᠭ᠎ᠠ ᠪᠠᠶᠠᠷ᠂ ᠰᠡᠷᠭᠦᠯᠡᠩ, ᠵᠢᠷᠭᠠᠯᠲᠤ ᠵᠡᠷᠭᠡ ᠪᠠᠭᠰᠢᠨᠠᠷ ᠪᠣᠯᠪᠠᠰᠤᠷᠠᠯ ᠡᠬᠢᠯᠡᠬᠦ ᠶᠣᠰᠤᠯᠠᠯ ᠳ᠋ᠤ ᠣᠷᠤᠯᠴᠠᠨ᠂ ᠲᠤᠰ ᠤᠳᠠᠭᠠᠨ ᠤ ᠪᠣᠯᠪᠠᠰᠤᠷᠠᠯ ᠤᠨ ᠭᠣᠣᠯ ᠵᠤᠷᠢᠯᠭ᠎ᠠ ᠵᠢᠴᠢ ᠤᠳᠭ᠎ᠠ ᠠᠭᠤᠯᠭ᠎ᠠ  ᠶᠢᠨ ᠲᠤᠬᠠᠢ ᠲᠠᠨᠢᠯᠴᠠᠭᠤᠯᠤᠭᠰᠠᠨ ᠪᠠᠢᠨ᠎ᠠ᠃

ᠪᠦᠬᠦ ᠣᠷᠤᠨ ᠤ 200 ᠭᠠᠷᠤᠢ ᠲᠣᠭᠠᠨ ᠤ ᠤᠬᠠᠭᠠᠨ ᠤ ᠲᠤᠰᠬᠠᠢ ᠬᠠᠷᠢᠭᠤᠴᠠᠯᠭᠠᠲᠠᠨ ᠪᠠᠭᠰᠢᠨᠠᠷ ᠪᠠ 20 ᠨᠡᠷᠡᠰ《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠣᠷᠤᠯᠴᠠᠪᠠ᠃

ᠲᠤᠰ ᠤᠳᠠᠭᠠᠨ ᠤ ᠪᠣᠯᠪᠠᠰᠤᠷᠠᠯ ᠳ᠋ᠤ ᠬᠠᠰᠴᠣᠭᠲᠤ ᠪᠠᠭᠰᠢ ᠪᠠ ᠳ᠋ᠧ ᡁᠢ ᠺᠣᠮᠫᠠᠨᠢ ᠵᠢᠴᠢ ᠳᠡᠯᠡᠬᠡᠢ ᠺᠣᠮᠫᠠᠨᠢ ᠶᠢᠨ ᠮᠡᠷᠭᠡᠵᠢᠯᠲᠡᠨ ᠢ ᠤᠷᠢᠨ᠂ ᠠᠬᠤᠢ ᠲᠠᠯᠠᠪᠠᠢ ᠳ᠋ᠤ ᠮᠡᠷᠭᠡᠵᠢᠯ ᠤᠨ ᠵᠢᠯᠤᠭᠤᠳᠤᠯᠭ᠎ᠠ ᠬᠢᠯᠭᠡᠭᠰᠡᠨ ᠪᠠᠢᠨ᠎ᠠ᠃

ᠬᠢᠴᠢᠶᠡᠯ ᠳᠤᠮᠳᠠ《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠰᠢᠷᠢᠰ ᠬᠦᠳᠡᠯᠭᠡᠭᠡᠨ ᠶᠠᠪᠤᠭᠳᠠᠭᠤᠯᠬᠤ ᠶᠢᠨ ᠳᠠᠭᠤ《ᠣᠯᠠᠨ ᠤᠯᠤᠰ ᠤᠨ ᠪᠠᠷᠢᠮᠵᠢᠶ᠎ᠠ ᠺᠣᠲᠠᠲᠤ ᠮᠤᠩᠭ᠋ᠤᠯ ᠬᠡᠯᠡᠨ ᠤ ᠪᠢᠴᠢᠭᠯᠡᠯ ᠤᠨ ᠵᠢᠯᠤᠭᠤᠳᠬᠤ ᠰᠢᠰᠲ᠋ᠧᠮ》 ᠵᠢᠴᠢ《 ᠪᠠᠷᠢᠮᠵᠢᠶ᠎ᠠ ᠪᠣᠰᠤ ᠺᠣᠲᠠᠲᠤ ᠮᠤᠩᠭ᠋ᠤᠯ ᠬᠡᠯᠡᠨ ᠤ ᠵᠣᠬᠢᠶᠠᠨ ᠦᠢᠯᠡᠳᠬᠦ ᠡᠬᠢ ᠪᠠᠶᠠᠯᠢᠭ ᠢ ᠪᠠᠷᠢᠮᠵᠢᠶ᠎ᠡ ᠺᠣᠳ᠋ ᠪᠣᠯᠭᠠᠨ ᠰᠣᠯᠢᠬᠤ》᠂《ᠮᠤᠩᠭ᠋ᠤᠯ ᠬᠡᠯᠡᠨ ᠤ ᠳᠤᠮᠳᠠ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠡᠬᠢ ᠰᠤᠷᠪᠤᠯᠵᠢ ᠶᠢ ᠰᠤᠳᠤᠯᠤᠨ ᠨᠡᠭᠡᠭᠡᠬᠦ ᠪᠠ ᠠᠰᠢᠭᠯᠠᠬᠤ》 ᠵᠡᠷᠭᠡ ᠠᠭᠤᠯᠭ᠎ᠠ ᠶᠢ ᠲᠠᠨᠢᠯᠴᠠᠭᠤᠯᠤᠭᠰᠠᠨ ᠪᠠᠢᠨ᠎ᠠ᠃

1

2

ᠦᠪᠡᠷᠲᠡᠭᠡᠨ ᠵᠠᠰᠠᠬᠤ ᠣᠷᠤᠨ ᠤ ᠵᠢᠭᠠᠨ ᠵᠢᠯᠤᠭᠤᠳᠬᠤ ᠲᠠᠰᠤᠭ ᠤᠨ ᠵᠢᠷᠭᠠᠯᠲᠤ ᠪᠠᠭᠰᠢ《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠤᠨ ᠲᠤᠬᠠᠢ ᠲᠠᠨᠢᠯᠴᠠᠭᠤᠯᠭ᠎ᠠ ᠬᠢᠵᠤ ᠪᠠᠢᠭ᠎ᠠ

3

 

ᠪᠦᠯᠬᠦᠮ ᠨᠡᠢᠲᠡ ᠶᠢᠨ ᠬᠠᠮᠵᠢᠯᠴᠠᠭ᠎ᠠ

4 5

ᠦᠷ᠎ᠡ ᠪᠦᠲᠦᠭᠡᠯ

6 7 8 10 9

 

 

ᠲᠦᠷᠦᠯ ᠠᠩᠭᠢᠯᠠᠯ᠄ ᠰᠢᠨ᠎ᠡ ᠬᠦᠳᠡᠯᠦᠯ.