ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠳᠤᠮᠳᠠᠳᠤ ᠰᠤᠷᠭᠠᠭᠤᠯᠢ ᠶᠢᠨ ᠪᠠᠢᠭᠠᠯᠢ ᠶᠢᠨ ᠬᠢᠴᠢᠶᠡᠯ ᠲᠦᠷᠥᠯ ᠤᠨ ᠪᠠᠭᠰᠢ ᠶᠢᠨ ᠮᠡᠳᠡᠭᠡ ᠵᠠᠩᠭᠢ ᠶᠢᠨ ᠲᠧᠭᠨᠢᠭ ᠤᠨ ᠬᠡᠷᠡᠭᠯᠡᠭᠡᠨ ᠤ ᠴᠢᠳᠠᠪᠤᠷᠢ ᠶᠢᠨ ᠪᠣᠯᠪᠠᠰᠤᠷᠠᠯ

ᠪᠠᠭᠰᠢᠨᠠᠷ ᠤᠨ ᠮᠡᠳᠡᠭᠡ ᠵᠠᠩᠭᠢ ᠶᠢᠨ ᠲᠧᠭᠨᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ᠮᠡᠳᠡᠭᠡ ᠵᠠᠩᠭᠢ ᠮᠡᠷᠭᠡᠵᠢᠯ  ᠤᠨ ᠦᠢᠯᠡᠳᠦᠯ ᠢ ᠰᠤᠷᠭᠠᠨ ᠬᠦᠮᠦᠵᠢᠯ ᠤᠨ ᠬᠦᠭᠵᠢᠯᠲᠡ ᠳ᠋ᠤ ᠭᠦᠢᠴᠡᠳ ᠪᠠᠳᠠᠷᠠᠭᠤᠯᠬᠤ ᠶᠢᠨ ᠲᠦᠯᠦᠭᠡ ᠦᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠲᠢᠩᠬᠢᠮ ᠭᠣᠯᠯᠠᠨ ᠡᠷᠬᠢᠯᠡᠵᠤ᠂ ᠲᠦᠩᠯᠢᠶᠣᠣ ᠬᠣᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ 《ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠳᠤᠮᠳᠠᠳᠤ ᠰᠤᠷᠭᠠᠭᠤᠯᠢ ᠶᠢᠨ ᠪᠠᠢᠭᠠᠯᠢ ᠶᠢᠨ ᠬᠢᠴᠢᠶᠡᠯ ᠲᠦᠷᠥᠯ ᠤᠨ ᠪᠠᠭᠰᠢ ᠶᠢᠨ ᠮᠡᠳᠡᠭᠡ ᠵᠠᠩᠭᠢ ᠶᠢᠨ ᠲᠧᠭᠨᠢᠭ ᠤᠨ ᠬᠡᠷᠡᠭᠯᠡᠭᠡᠨ ᠤ ᠴᠢᠳᠠᠪᠤᠷᠢ ᠶᠢᠨ ᠪᠣᠯᠪᠠᠰᠤᠷᠠᠯ》 ᠢ ᠳᠠᠭᠠᠭᠠᠨ ᠬᠢᠪᠡ

ᠲᠤᠰ ᠤᠳᠠᠭᠠᠨ ᠤ ᠪᠣᠯᠪᠠᠰᠤᠷᠠᠯ ᠢ ᠦᠪᠡᠷᠲᠡᠭᠡᠨ ᠵᠠᠰᠠᠬᠤ ᠣᠷᠤᠨ ᠤ ᠵᠢᠭᠠᠨ ᠰᠤᠷᠭᠠᠬᠤ ᠲᠠᠰᠤᠭ ᠤᠨ ᠡᠷᠬᠢᠯᠡᠭᠴᠢ ᠪᠢᠯᠢᠭᠲᠦ ᠪᠠᠭᠰᠢ ᠡᠷᠬᠢᠯᠡᠨ᠂ ᠦᠨᠳᠦᠰᠦᠲᠡᠨ ᠤ ᠰᠤᠷᠭᠠᠨ ᠬᠦᠮᠦᠵᠢᠯ ᠳ᠋ᠤ ᠣᠷᠤᠰᠢᠵᠤ ᠪᠠᠢᠭ᠎ᠠ ᠠᠰᠠᠭᠤᠳᠠᠯ ᠵᠢᠴᠢ ᠬᠦᠭᠵᠢᠯᠲᠡ ᠶᠢᠨ ᠬᠠᠨᠳᠤᠰᠢ ᠶᠢᠨ ᠲᠤᠬᠠᠢ ᠨᠠᠷᠢᠨ ᠲᠠᠨᠢᠯᠴᠠᠭᠤᠯᠤᠭᠰᠠᠨ ᠪᠠᠢᠨ᠎ᠠ᠃

ᠦᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠪᠠᠢᠴᠠᠭᠠᠨ ᠰᠤᠳᠤᠯᠤᠭᠴᠢ ᠪᠤᠶᠠᠨᠲᠣᠭᠲᠠᠬᠤ ᠪᠠᠭᠰᠢ ᠡᠴᠡ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠤᠨ ᠲᠡᠦᠬᠡᠨ ᠶᠠᠪᠤᠴᠠ ᠪᠠ ᠢᠷᠡᠭᠡᠳᠦᠢ ᠶᠢᠨ ᠬᠦᠭᠵᠢᠯᠲᠡ ᠲᠤᠬᠠᠢ ᠪᠦᠬᠦ ᠲᠠᠯ᠎ᠠ ᠪᠡᠷ ᠬᠠᠷᠢᠭᠤ ᠮᠡᠳᠡᠭᠦᠯᠦᠯᠲᠡ ᠬᠢᠭᠰᠡᠨ ᠪᠠᠢᠨ᠎ᠠ᠃ ᠦᠪᠡᠷᠲᠡᠭᠡᠨ ᠵᠠᠰᠠᠬᠤ ᠣᠷᠤᠨ ᠤ ᠵᠢᠭᠠᠨ ᠰᠤᠳᠤᠯᠬᠤ ᠲᠠᠰᠤᠭ ᠤᠨ ᠰᠡᠷᠭᠦᠯᠡᠩ᠂ ᠵᠢᠷᠭᠠᠯᠲᠤ ᠪᠠᠭᠰᠢ ᠲᠤᠰ ᠤᠳᠠᠭᠠᠨ ᠤ ᠪᠣᠯᠪᠠᠰᠤᠷᠠᠯ ᠢ ᠵᠢᠯᠤᠭᠤᠳᠬᠤ ᠶᠢᠨ ᠬᠠᠮᠲᠤ ᠦᠷᠭᠡᠨ ᠬᠡᠪᠴᠢᠶᠡᠨ ᠤ ᠬᠠᠮᠲᠤ ᠶᠢᠨ ᠬᠦᠳᠡᠯᠭᠡᠭᠡᠨ ᠤ ᠬᠢᠴᠢᠶᠡᠯ ᠶᠠᠪᠤᠭᠤᠯᠪᠠ᠃

ᠲᠤᠰ ᠤᠳᠠᠭᠠᠨ ᠤ ᠪᠣᠯᠪᠠᠰᠤᠷᠠᠯ ᠳ᠋ᠤ ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠠᠩᠬ᠎ᠠ ᠳᠤᠮᠳᠠᠳᠤ ᠶᠢᠨ ᠨᠡᠢᠭᠡᠮ ᠤᠨ ᠰᠢᠵᠢᠯᠡᠬᠦ ᠤᠬᠠᠭᠠᠨ( ᠤᠯᠴᠰ ᠲᠦᠷᠥ᠂ ᠲᠡᠦᠬᠡ᠂ ᠭᠠᠵᠠᠷ ᠵᠦᠢ) ᠪᠠ ᠪᠠᠢᠭᠠᠯᠢ ᠶᠢᠨ ᠰᠢᠨᠵᠢᠯᠡᠬᠦ ᠤᠬᠠᠭᠠᠨ( ᠬᠢᠮᠢ᠂ ᠫᠢᠼᠧᠺ᠂ ᠠᠮᠢᠳᠤ ᠪᠣᠳᠠᠰ) ᠤ ᠡᠯ᠎ᠡ ᠬᠢᠴᠢᠶᠡᠯ ᠲᠦᠷᠥᠯ ᠤᠨ《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠪᠠᠢᠭᠤᠯᠪᠠ᠃

ᠦᠪᠡᠷᠲᠡᠭᠡᠨ ᠵᠠᠰᠠᠬᠤ ᠣᠷᠤᠨ ᠤ ᠪᠢᠴᠢᠯ ᠬᠢᠴᠢᠶᠡᠯ ᠤᠨ ᠲᠤᠰᠬᠠᠢ ᠮᠡᠷᠭᠡᠵᠢᠯᠲᠡᠨ ᠬᠠᠰᠴᠣᠭᠲᠤ ᠪᠠᠭᠰᠢ ᠶᠢ ᠲᠤᠰ ᠤᠳᠠᠭᠠᠨ ᠤ ᠪᠣᠯᠪᠠᠰᠤᠷᠠᠯ ᠤᠨ ᠭᠣᠣᠯᠯᠠᠭᠴᠢ ᠯᠸᠺᠲ᠋ᠣᠷ ᠢᠶᠡᠷ ᠤᠷᠢᠭᠰᠠᠨ ᠪᠠ 《ᠳᠡᠯᠡᠬᠡᠢ ᠺᠣᠮᠫᠠᠨᠢ》 ᠵᠢᠴᠢ《 ᠳ᠋ᠧ ᡁᠢ ᠺᠣᠮᠫᠠᠨᠢ》 ᠮᠡᠷᠭᠡᠵᠢᠯ ᠤᠨ ᠳᠡᠮᠵᠢᠯᠭᠡ ᠦᠵᠡᠭᠦᠯᠪᠡ᠃

ᠪᠣᠯᠪᠠᠰᠤᠷᠠᠯ ᠤᠨ ᠬᠠᠮᠲᠤ ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠡᠬᠢ ᠰᠤᠷᠪᠤᠯᠵᠢ ᠶᠢ ᠨᠢᠭᠡᠲᠦᠭᠦᠯᠬᠦ ᠠᠵᠢᠯ ᠢ ᠶᠠᠪᠤᠭᠳᠠᠭᠤᠯᠤᠭᠰᠠᠨ ᠪᠠᠢᠨ᠎ᠠ᠃1 2 3 4 5 6 7

 

 

 

 

ᠲᠦᠷᠦᠯ ᠠᠩᠭᠢᠯᠠᠯ᠄ ᠰᠢᠨ᠎ᠡ ᠬᠦᠳᠡᠯᠦᠯ.