ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠬᠡᠯᠡ ᠪᠢᠴᠢᠭ᠌ ᠤᠨ ᠪᠠᠭᠰᠢ ᠶᠢᠨ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠪᠣᠯᠪᠠᠰᠤᠷᠠᠯ

2016 ᠣᠨ ᠤ5 ᠰᠠᠷ᠎ᠠ ᠶᠢᠨ8 ᠤ ᠡᠳᠦᠷ 《ᠪᠦᠬᠦ ᠣᠷᠤᠨ ᠤ ᠮᠤᠩᠭ᠋ᠤᠯ ᠢᠶᠡᠷ ᠬᠢᠴᠢᠶᠡᠯᠯᠡᠬᠦ ᠬᠡᠯᠡ ᠪᠢᠴᠢᠭ᠌ ᠤᠨ ᠪᠠᠭᠰᠢ ᠶᠢᠨ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠪᠣᠯᠪᠠᠰᠤᠷᠠᠯ》 ᠣᠷᠳᠤᠰ ᠬᠣᠲᠠ ᠶᠢᠨ ᠮᠤᠩᠭ᠋ᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃

ᠦᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ ᠤᠨ ᠪᠤᠶᠠᠨᠲᠣᠭᠲᠠᠬᠤ᠂ ᠰᠤᠷᠭᠠᠨ ᠬᠦᠮᠦᠵᠢᠯ ᠤᠨ ᠲᠢᠩᠬᠢᠮ ᠤᠨ ᠵᠢᠭᠠᠬᠤ ᠶᠢ ᠰᠤᠳᠤᠯᠬᠤ ᠭᠡᠷ ᠤᠨ ᠪᠢᠯᠢᠭᠲᠦ᠂ ᠰᠡᠷᠭᠦᠯᠡᠩ᠂ ᠵᠢᠷᠭᠠᠯᠲᠤ ᠣᠷᠳᠤᠰ ᠬᠣᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠤ ᠴᠣᠭ᠂ ᠮᠦᠩᠬᠡ ᠪᠠ ᠣᠷᠳᠤᠰ ᠬᠣᠲᠠ ᠶᠢᠨ ᠮᠤᠩᠭ᠋ᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠲᠦᠪᠰᠢᠨ ᠵᠡᠷᠭᠡ ᠪᠠᠭᠰᠢᠨᠠᠷ ᠲᠤᠰ ᠤᠳᠠᠭᠠᠨ ᠤ ᠪᠣᠯᠪᠠᠰᠤᠷᠠᠯ ᠡᠬᠢᠯᠡᠬᠦ ᠶᠣᠰᠤᠯᠠᠯ ᠳ᠋ᠤ ᠣᠷᠤᠯᠴᠠᠭᠰᠠᠨ ᠪᠠᠢᠨ᠎ᠠ᠃

ᠲᠤᠰ ᠤᠳᠠᠭᠠᠨ ᠤ ᠪᠣᠯᠪᠠᠰᠤᠷᠠᠯ ᠳ᠋ᠤ 200 ᠭᠠᠷᠤᠢ ᠬᠡᠯᠡ ᠪᠢᠴᠢᠭ᠌ ᠤᠨ ᠪᠠᠭᠰᠢᠨᠠᠷ ᠣᠷᠤᠯᠴᠠᠭᠰᠠᠨ ᠪᠠ ᠪᠢᠴᠢᠯ ᠬᠢᠴᠢᠶᠡᠯ ᠤᠨ ᠲᠤᠰᠬᠠᠢ ᠮᠡᠷᠭᠡᠵᠢᠯᠲᠡᠨ ᠬᠠᠰᠴᠣᠭᠲᠤ ᠪᠠᠭᠰᠢ ᠵᠢᠴᠢ ᠮᠠᠨ ᠤ ᠺᠣᠮᠫᠠᠨᠢ (《ᠦᠪᠦᠷ ᠮᠤᠩᠭ᠋ᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠤᠨ ᠬᠢᠵᠠᠭᠠᠷᠲᠤ ᠺᠣᠮᠫᠠᠨᠢ》) ᠶᠢᠨ ᠤᠷᠤᠰᠬᠠᠯ ᠢ ᠣᠨᠴᠠᠭᠠᠢ ᠤᠷᠢᠭᠰᠠᠨ ᠪᠠᠢᠨ᠎ᠠ᠃

ᠪᠣᠯᠪᠠᠰᠤᠷᠠᠯ ᠡᠬᠢᠯᠡᠬᠦ ᠶᠣᠰᠤᠯᠠᠯ ᠳ᠋ᠤ ᠴᠣᠭ ᠨᠦᠬᠦᠷ ᠡᠴᠡ ᠣᠷᠳᠤᠰ ᠬᠣᠲᠠ ᠶᠢᠨ ᠠᠵᠤ ᠠᠬᠤᠢ ᠵᠢᠴᠢ ᠰᠤᠷᠭᠠᠨ ᠭᠦᠮᠦᠵᠢᠯ ᠤᠨ ᠬᠦᠭᠵᠢᠯᠲᠡ ᠶᠢᠨ ᠲᠤᠬᠠᠢ ᠲᠠᠨᠢᠯᠴᠠᠭᠤᠯᠤᠭᠰᠠᠨ ᠪᠠ ᠦᠨᠳᠦᠰᠦᠲᠡᠨ ᠤ ᠰᠤᠷᠭᠠᠨ ᠬᠦᠮᠦᠵᠢᠯ ᠤᠨ ᠴᠢᠬᠤᠯᠠ ᠴᠢᠨᠠᠷ᠂ ᠮᠤᠩᠭ᠋ᠤᠯ ᠬᠡᠯᠡ ᠮᠡᠳᠡᠭᠡ ᠵᠠᠩᠭᠢᠴᠢᠯᠠᠯᠲᠠ ᠶᠢᠨ ᠰᠤᠷᠭᠠᠨ ᠬᠦᠮᠦᠵᠢᠯ ᠤᠨ ᠬᠡᠪᠴᠢᠶᠡᠨ ᠳ᠋ᠡᠬᠢ ᠴᠢᠬᠤᠯᠠ ᠴᠢᠨᠠᠷ ᠵᠢᠴᠢ ᠣᠯᠠᠨ ᠤᠯᠤᠰ ᠤᠨ ᠪᠠᠷᠢᠮᠵᠢᠶ᠎ᠠ ᠺᠣᠲᠠᠲᠤ ᠮᠤᠩᠭ᠋ᠤᠯ ᠦᠰᠦᠭ ᠤᠨ ᠦᠨᠳᠦᠰᠦᠲᠡᠨ ᠤ ᠰᠤᠷᠭᠠᠨ ᠬᠦᠮᠦᠵᠢᠯ ᠳ᠋ᠡᠬᠢ ᠴᠢᠬᠤᠯᠠ ᠴᠢᠨᠠᠷ ᠤᠨ ᠲᠤᠬᠠᠢ ᠪᠣᠶᠠᠨᠲᠣᠭᠲᠠᠬᠤ᠂ ᠪᠢᠯᠢᠭᠲᠦ ᠨᠦᠬᠦᠷ ᠡᠴᠡ ᠲᠤᠰ ᠲᠤᠰ ᠲᠠᠨᠢᠯᠴᠠᠭᠤᠯᠪᠠ᠃1 2 3

ᠵᠢᠷᠭᠠᠯᠲᠤ ᠪᠠᠭᠰᠢ ᠡᠴᠡ《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠲᠤᠬᠠᠢ ᠲᠠᠨᠢᠯᠴᠠᠭᠤᠯᠭ᠎ᠠ ᠬᠢᠵᠤ ᠪᠠᠢᠭ᠎ᠠ ᠨᠢ

4

《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠤᠨ ᠣᠨᠴᠠᠯᠢᠭ

5

《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠤᠨ ᠵᠢᠭᠠᠨ ᠰᠤᠳᠤᠯᠬᠤ ᠬᠡᠯᠪᠡᠷᠢ ᠪᠡᠷ ᠳᠤᠭᠤᠢᠯᠠᠩ ᠬᠤᠪᠢᠶᠠᠨ ᠶᠠᠷᠢᠯᠴᠠᠵᠤ ᠪᠠᠢᠭ᠎ᠠ ᠨᠢ

6

《 ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ》 ᠤᠨ ᠠᠵᠢᠯ ᠤᠨ ᠲᠦᠯᠦᠪᠯᠡᠭᠡ10 9 8 7

 

 

 

 

ᠲᠦᠷᠦᠯ ᠠᠩᠭᠢᠯᠠᠯ᠄ ᠰᠢᠨ᠎ᠡ ᠬᠦᠳᠡᠯᠦᠯ.