《ᠳᠠᠶᠠᠩ ᠮᠣᠩᠭᠤᠯ ᠬᠢᠲᠠᠳ ᠰᠤᠷᠭᠠᠨ ᠬᠥᠮᠦᠵᠢᠯ ᠤᠨ ᠲᠠᠪᠴᠠᠩ》 ᠠᠯᠪᠠᠨ ᠶᠣᠰᠤᠭᠠᠷ ᠠᠰᠢᠭᠯᠠᠯᠲᠠ ᠳᠤ ᠣᠷᠤᠯ᠎ᠠ

《ᠳᠠᠶᠠᠩ ᠮᠣᠩᠭᠤᠯ ᠬᠢᠲᠠᠳ ᠰᠤᠷᠭᠠᠨ ᠬᠥᠮᠦᠵᠢᠯ ᠤᠨ ᠲᠠᠪᠴᠠᠩ》 ᠠᠯᠪᠠᠨ ᠶᠣᠰᠤᠭᠠᠷ ᠠᠰᠢᠭᠯᠠᠯᠲᠠ ᠳᠤ ᠣᠷᠤᠬᠤ ᠵᠢᠴᠢ ᠰᠠᠭᠤᠷᠢ ᠰᠤᠷᠭᠠᠨ ᠬᠥᠮᠦᠵᠢᠯ ᠤᠨ ᠵᠠᠩᠭᠢᠴᠢᠯᠠᠯᠲᠠ ᠶᠢᠨ ᠪᠣᠯᠪᠠᠰᠤᠷᠠᠯ ᠤᠨ ᠬᠤᠷᠠᠯ12 ᠰᠠᠷ᠎ᠠ ᠶᠢᠨ18 ᠤ ᠡᠳᠦᠷ ᠬᠥᠬᠡᠬᠣᠲᠠ  ᠶᠢᠨ ᠦᠢᠯᠡᠰ ᠪᠠᠭᠤᠳᠠᠯ ᠤᠨ14  ᠳ᠋ᠦᠭᠡᠷ ᠳᠠᠪᠬᠤᠷᠭ᠎ᠠ ᠳᠤ ᠶᠠᠪᠤᠭᠳᠠᠪᠠ᠃
《 ᠳᠠᠶᠠᠩ ᠮᠣᠩᠭᠤᠯ ᠬᠢᠲᠠᠳ ᠰᠤᠷᠭᠠᠨ ᠬᠥᠮᠦᠵᠢᠯ ᠤᠨ ᠲᠠᠪᠴᠠᠩ》 ᠨᠢ ᠥᠪᠦᠷ ᠮᠣᠩᠭᠤᠯ ᠤᠨ ᠬᠡᠪᠯᠡᠯ ᠤᠨ ᠪᠦᠯᠦᠭᠯᠡᠯ ᠵᠢᠴᠢ ᠭᠣᠣᠯᠯᠠᠬᠤ ᠪᠠᠢᠭᠤᠯᠤᠯᠭ᠎ᠠ ᠪᠣᠯᠬᠤ ᠥᠪᠦᠷ ᠮᠣᠩᠭᠤᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠣᠷᠢᠶ᠎ᠠ ᠡᠴᠡ ᠳ᠋ᠢᠵᠢᠲ᠋ᠠᠯᠠᠭᠰᠠᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠪᠡᠶᠡᠯᠡᠭᠦᠯᠦᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠵᠣᠷᠢᠯᠭ᠎ᠠ ᠪᠡᠷ 3 ᠵᠢᠯ ᠤᠨ ᠬᠤᠭᠤᠴᠠᠭ᠎ᠠ ᠬᠡᠷᠡᠭᠰᠡᠵᠦ ᠰᠤᠳᠤᠯᠤᠨ ᠪᠦᠲᠦᠭᠡᠭᠰᠡᠨ ᠲᠠᠪᠴᠠᠩ ᠪᠣᠯᠬᠤ ᠶᠤᠮ᠃ ᠲᠡᠷᠡ ᠨᠢ ᠪᠠᠭ᠎ᠠ ᠰᠤᠷᠭᠠᠭᠤᠯᠢ ᠡᠴᠡ ᠥᠨᠳᠦᠷ ᠳᠤᠮᠳᠠᠳᠤ ᠭᠦᠷᠲᠡᠯᠡᠬᠢ ᠰᠤᠷᠬᠤ ᠪᠢᠴᠢᠭ᠌ ᠤᠨ ᠪᠦᠬᠦᠢᠯᠡ ᠬᠢᠴᠢᠶᠡᠯ ᠲᠥᠷᠦᠯ ᠤᠨ ᠠᠭᠤᠯᠭ᠎ᠠ ᠬᠢᠭᠡᠳ ᠳᠠᠭᠠᠯᠲᠠ ᠪᠣᠯᠪᠠᠰᠤᠷᠠᠯ ᠢ ᠬᠠᠮᠤᠷᠴᠤ ᠪᠠᠭᠰᠢ ᠨᠠᠷ ᠤᠨ ᠬᠢᠴᠢᠶᠡᠯ ᠪᠡᠯᠡᠳᠭᠡᠬᠦ᠂ ᠬᠢᠴᠢᠶᠡᠯᠯᠡᠬᠦ ᠪᠢᠴᠢᠯ ᠬᠢᠴᠢᠶᠡᠯ᠂ ᠬᠢᠴᠢᠶᠡᠯ ᠤᠨ ᠳᠠᠷᠠᠭᠠᠬᠢ ᠵᠢᠭᠠᠨ ᠵᠢᠯᠤᠭᠤᠳᠤᠯᠭ᠎ᠠ ᠵᠢᠴᠢ ᠰᠤᠷᠤᠭᠴᠢᠳ ᠤᠨ ᠳᠠᠰᠭᠠᠯ ᠪᠣᠯᠪᠠᠰᠤᠷᠠᠯ ᠰᠢᠯᠭᠠᠯᠲᠠ ᠳᠤ ᠳᠥᠭᠦᠮ ᠨᠥᠬᠦᠴᠡᠯ ᠬᠠᠩᠭᠠᠵᠠᠢ᠃

ᠲᠤᠰ ᠲᠠᠪᠴᠠᠩ ᠨᠢ ᠮᠣᠩᠭᠤᠯ ᠬᠢᠳᠠᠳ ᠠᠩᠭ᠍ᠯᠢ ᠣᠯᠠᠨ ᠬᠡᠯᠡᠨ ᠤ ᠰᠤᠷᠭᠠᠨ ᠬᠥᠮᠦᠵᠢᠯ ᠤᠨ ᠦᠢᠯᠡᠴᠢᠯᠡᠭᠡᠨ ᠤ ᠵᠠᠭᠪᠤᠷ ᠲᠤ ᠵᠣᠬᠢᠴᠠᠬᠤ ᠪᠥᠭᠡᠳ ᠴᠠᠭᠠᠰᠤᠨ ᠳᠡᠭᠡᠷ᠎ᠡ ᠪᠢᠴᠢᠭᠰᠡᠭᠡᠷ ᠳᠡᠯᠭᠡᠴᠡᠨ ᠳᠤ ᠢᠯᠡᠷᠡᠬᠦ ᠥᠪᠡᠷᠮᠢᠴᠡ ᠳᠠᠪᠠᠭᠤᠯᠢᠭ ᠲᠠᠢ ᠪᠡᠷ ᠢᠶᠡᠨ ᠣᠨᠴᠠᠯᠢᠭᠳᠠᠵᠤ᠂ ᠰᠣᠹᠲ ᠶᠢᠨ ᠲᠠᠪᠴᠠᠩ ᠪᠣᠯᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠦᠢᠯᠡᠴᠢᠯᠡᠭᠡ ᠶᠢ ᠨᠢᠭᠡ ᠴᠣᠭᠴᠠᠯᠠᠨ ᠬᠢᠴᠢᠶᠡᠯ ᠪᠡᠯᠡᠳᠭᠡᠬᠦ᠂ ᠬᠢᠴᠢᠶᠡᠯᠯᠡᠬᠦ᠂ ᠳᠠᠪᠲᠠᠨ ᠪᠠᠲᠤᠳᠭᠠᠬᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠥᠮᠦᠷᠭᠡᠯᠡᠵᠦ ᠬᠤᠪᠢᠶᠠᠯᠴᠠᠬᠤ᠂ ᠳ᠋ᠠᠢᠲ᠋ᠠ ᠶᠢ ᠵᠠᠳᠠᠯᠠᠬᠤ ᠵᠡᠷᠭᠡ ᠴᠢᠳᠠᠮᠵᠢ ᠲᠠᠢ ᠡᠴᠡ ᠬᠢᠴᠢᠶᠡᠯ ᠡᠴᠡ ᠡᠮᠦᠨᠡᠬᠢ᠂ ᠬᠢᠴᠢᠶᠡᠯ ᠳᠡᠭᠡᠷᠡᠬᠢ᠂ ᠬᠢᠴᠢᠶᠡᠯ ᠤᠨ ᠳᠠᠷᠠᠭᠠᠬᠢ ᠪᠦᠬᠦᠢᠯᠡ ᠶᠠᠪᠤᠴᠠ ᠶᠢ ᠬᠣᠯᠪᠤᠨ ᠵᠢᠭᠠᠨ ᠰᠤᠷᠭᠠᠯᠲᠠ ᠶᠢ ᠳᠦᠭᠦᠮᠴᠢᠯᠡᠵᠤ ᠨᠢᠭᠡ ᠴᠣᠭᠴᠠᠯᠠᠨ᠂ ᠲᠣᠭᠠᠴᠠᠯᠠᠭᠤᠯᠵᠤ ᠴᠢᠳᠠᠭᠰᠠᠨ ᠪᠠ ᠬᠠᠮᠤᠭ ᠤᠨ ᠠᠩᠬᠠᠨ ᠤ ᠮᠣᠩᠭᠤᠯ ᠬᠢᠳᠠᠳ ᠬᠣᠶᠠᠷ ᠲᠥᠷᠦᠯ ᠤᠨ ᠦᠰᠦᠭ ᠪᠢᠴᠢᠭ᠌  ᠢᠶᠡᠷ ᠦᠢᠯᠡᠴᠢᠯᠡᠬᠦ ᠣᠨᠯᠠᠢᠨ ᠵᠢᠭᠠᠨ ᠰᠤᠷᠭᠠᠯᠲᠠ ᠶᠢᠨ ᠲᠠᠪᠴᠠᠩ ᠪᠠᠢᠵᠤ ᠲᠠᠭᠦᠨ ᠤ ᠲᠦᠭᠡᠮᠡᠯᠵᠢᠯᠲᠡ ᠨᠢ ᠮᠣᠩᠭᠤᠯ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠶᠡᠬᠡᠬᠡᠨ ᠲᠦᠯᠬᠢᠴᠡ ᠦᠢᠯᠡᠳᠦᠯ ᠦᠵᠡᠭᠦᠯᠬᠦ ᠪᠣᠯᠤᠨ᠎ᠠ᠃

ᠲᠤᠰ ᠲᠠᠪᠴᠠᠩ ᠢ ᠦᠢᠯᠡᠳᠬᠦ ᠳᠤ ᠮᠠᠨ ᠤ ᠺᠣᠮᠫᠠᠨᠢ ᠮᠡᠷᠭᠡᠵᠢᠯ ᠬᠠᠩᠭᠠᠨ᠂ ᠥᠨᠥᠳᠦᠷ ᠤᠨ ᠶᠣᠰᠤᠯᠠᠯ ᠳᠤ ᠺᠣᠮᠫᠠᠨᠢ ᠶᠢᠨ ᠮᠡᠷᠭᠡᠵᠢᠯᠲᠡᠨ ᠪᠣᠤ ᠰᠢᠶᠣᠤ ᠹᠧᠩ᠂ ᠤᠯᠠᠭᠠᠨ ᠡᠴᠡ ᠬᠢᠴᠢᠶᠡᠯ ᠪᠡᠯᠡᠳᠭᠡᠬᠦ᠂ ᠬᠢᠴᠢᠶᠡᠯᠯᠡᠬᠦ᠂ ᠪᠢᠴᠢᠯ ᠬᠢᠴᠢᠶᠡᠯ ᠰᠢᠩᠭᠡᠭᠡᠬᠦ᠂ ᠬᠢᠴᠢᠶᠡᠯ ᠤᠨ ᠳᠠᠷᠠᠭᠠᠬᠢ ᠵᠢᠭᠠᠨ ᠵᠢᠯᠤᠭᠤᠳᠤᠯᠭ᠎ᠠ ᠵᠢᠴᠢ ᠰᠤᠷᠤᠭᠴᠢᠳ ᠤᠨ ᠳᠠᠰᠭᠠᠯ ᠪᠣᠯᠪᠠᠰᠤᠷᠠᠯ ᠰᠢᠯᠭᠠᠯᠲᠠ ᠵᠡᠷᠭᠡ ᠪᠦᠬᠦ ᠶᠠᠪᠤᠴᠠ ᠶᠢ ᠠᠬᠤᠢ ᠲᠠᠯᠠᠪᠠᠢ ᠳᠤ ᠦᠵᠡᠭᠦᠯᠦᠨ ᠲᠠᠨᠢᠯᠴᠠᠭᠤᠯᠤᠭᠰᠠᠨ ᠪᠠᠢᠨ᠎ᠠ᠃

ᠤᠯᠠᠭᠠᠨᠬᠠᠳᠠ ᠳ᠋ᠡᠬᠢ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠰᠡᠷᠭᠦᠯᠡᠩ ᠬᠠᠭᠠᠰ ᠵᠢᠯ ᠭᠠᠷᠤᠢ ᠡᠨᠡᠬᠦ ᠲᠠᠪᠴᠠᠩ ᠢ ᠲᠤᠷᠰᠢᠨ ᠠᠰᠢᠭᠯᠠᠨᠰᠠᠨ ᠤ ᠬᠤᠪᠢ ᠡᠴᠡ ᠲᠠᠨᠢᠯᠴᠠᠭᠤᠯᠵᠤ ᠶᠠᠷᠢᠬᠤ ᠳ᠋ᠠᠭᠠᠨ᠄《 ᠡᠨᠡᠬᠦ ᠲᠠᠪᠴᠠᠩ ᠮᠠᠨ ᠤ ᠪᠠᠭᠰᠢ ᠰᠤᠷᠤᠭᠴᠢᠳ ᠲᠤ ᠮᠠᠰᠢ ᠳᠥᠭᠦᠮ ᠪᠣᠯᠤᠭᠰᠠᠨ᠂ ᠥᠩᠭᠡᠷᠡᠭᠰᠡᠨ ᠳᠦ  ᠪᠢᠳᠡ ᠨᠢᠭᠡ ᠭᠠᠷᠢᠭ ᠤᠨ ᠴᠠᠭ ᠬᠡᠷᠡᠭᠰᠡᠨ ᠨᠢᠭᠡ ᠳᠦᠭᠦᠷ ᠰᠢᠯᠭᠠᠯᠲᠠ ᠶᠢᠨ ᠰᠡᠳᠦᠪ ᠭᠠᠷᠭᠠᠳᠠᠭ ᠪᠠᠢᠭᠰᠠᠨ ᠪᠣᠯ ᠡᠨᠡ ᠲᠠᠪᠴᠠᠩ ᠢ ᠠᠰᠢᠭᠯᠠᠭᠠᠳ ᠠᠷᠪᠠᠭᠠᠳ ᠮᠢᠨᠦ᠋ᠲ ᠲᠦ ᠪᠡᠶᠡᠯᠡᠭᠦᠯᠴᠢᠬᠡᠳᠡᠭ ᠪᠣᠯᠤᠯ᠎ᠠ᠂ ᠬᠢᠴᠢᠶᠡᠯ ᠪᠡᠯᠡᠳᠭᠡᠬᠦ ᠳᠤ ᠠᠳᠠᠯᠢᠬᠠᠨ᠃ ᠰᠤᠷᠤᠭᠴᠢᠳ ᠬᠢᠴᠢᠶᠡᠯ ᠰᠠᠭᠠᠲᠤᠭᠰᠠᠨ ᠪᠤᠶᠤ ᠬᠢᠴᠢᠶᠡᠯ ᠨᠥᠬᠦᠬᠦ ᠴᠢᠬᠤᠯᠠ ᠲᠠᠢ ᠦᠶᠡᠰ ᠲᠠᠪᠴᠠᠩ ᠳᠤ ᠭᠠᠷᠤᠭᠠᠳ ᠯᠠ ᠲᠡᠷᠡ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠵᠤ ᠪᠣᠯᠤᠨ᠎ᠠ》 ᠭᠡᠯ᠎ᠡ᠃



ᠮᠠᠨ ᠤ ᠺᠣᠮᠫᠠᠨᠢ ᠶᠢᠨ ᠪᠣᠤ ᠰᠢᠶᠣᠤ ᠹᠧᠩ᠂ ᠤᠯᠠᠭᠠᠨ ᠡᠴᠡ ᠲᠠᠪᠴᠠᠩ ᠤᠨ ᠴᠢᠳᠠᠮᠵᠢ ᠶᠢ ᠠᠬᠤᠢ ᠲᠠᠯᠠᠪᠠᠢ ᠳᠤ ᠦᠵᠡᠭᠦᠯᠦᠨ ᠲᠠᠨᠢᠯᠴᠠᠭᠤᠯᠵᠤ ᠪᠠᠢᠭ᠎ᠠ

ᠤᠯᠠᠭᠠᠨᠬᠠᠳᠠ ᠳ᠋ᠡᠬᠢ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠰᠡᠷᠭᠦᠯᠡᠩ ᠂ ᠲᠠᠪᠴᠠᠩ ᠢ ᠲᠤᠷᠰᠢᠨ ᠠᠰᠢᠭᠯᠠᠨᠰᠠᠨ ᠦᠷ᠎ᠡ ᠪᠦᠲᠦᠮᠵᠢ ᠶᠢᠨ ᠲᠤᠬᠠᠢ ᠶᠠᠷᠢᠵᠤ ᠪᠠᠢᠭ᠎ᠠ

ᠲᠦᠷᠦᠯ ᠠᠩᠭᠢᠯᠠᠯ᠄ ᠰᠢᠨ᠎ᠡ ᠬᠦᠳᠡᠯᠦᠯ, 未分类.