ᠰᠣᠨᠢᠨ ᠮᠡᠳᠡᠭᠡ ᠬᠡᠪᠯᠡᠯ ᠦᠨ ᠲᠣᠭᠠᠴᠠᠯᠠᠯ  ᠢ ᠰᠠᠢᠵᠢᠷᠠᠭᠤᠯᠬᠤ ᠰᠣᠹᠲ ᠲᠧᠭᠨᠢᠭ  ᠶᠢᠨ ᠦᠢᠯᠡᠴᠢᠯᠡᠭᠡᠨ ᠦ᠌ ᠪᠠᠭᠠᠵᠢ ᠪᠠᠷ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠰᠣᠩᠭᠤᠭᠳᠠᠪᠠ

ᠪᠥᠬᠦ  ᠲᠠᠯ᠎ᠠ ᠪᠠᠷ ᠲᠤᠤᠱᠠᠯᠠᠭᠤᠯᠤᠨ ᠨᠠᠢᠳᠠᠪᠤᠷᠢᠵᠢᠭᠤᠯᠬᠤ ᠡᠭᠦᠳᠡᠨ ᠡᠴᠡ ᠡᠯ᠎ᠡ ᠭᠠᠵᠠᠷ ᠤᠨ ᠰᠣᠨᠢᠨ ᠮᠡᠳᠡᠭᠡ ᠬᠡᠪᠯᠡᠯ ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠦ᠋ᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠦ᠋ᠨ ᠬᠥᠭᠵᠢᠯᠲᠡ ᠶᠢᠨ ᠲᠥᠯᠦᠪᠵᠢᠭᠦᠯᠭᠡ ᠳ᠋ᠦ᠍ ᠬᠠᠨᠳᠤᠭᠤᠯᠤᠨ ᠡᠨᠡ ᠵᠢᠯ ᠦᠨ ᠨᠠᠢ᠍ᠮᠠᠨ ᠰᠠᠷ᠎ᠠ ᠠ᠋ᠴᠠ ᠡᠬᠢᠯᠡᠵᠦ ᠰᠣᠨᠢᠨ ᠮᠡᠳᠡᠭᠡ ᠬᠡᠪᠯᠡᠯ ᠦᠨ ᠲᠣᠭᠠᠴᠠᠯᠠᠯ   ᠢ  ᠰᠠᠢᠵᠢᠷᠠᠭᠤᠯᠬᠤ ᠰᠣᠹᠲ ᠲᠧᠭᠨᠢᠭ  ᠶᠢᠨ ᠦᠢᠯᠡᠴᠢᠯᠡᠭᠡᠨ ᠦ᠌  ᠪᠠᠭᠠᠵᠢ ᠴᠤᠭᠯᠠᠭᠤᠯᠵᠤ ᠪᠢᠯᠡ᠃ ᠡᠭᠦᠨ ᠳ᠋ᠦ᠍ ᠰᠣᠨᠢᠨ ᠮᠡᠳᠡᠭᠡ᠂ ᠬᠡᠪᠯᠡᠯ ᠦᠨ  ᠬᠢᠨᠢ ᠨᠠᠷᠢᠨ ᠬᠢᠨᠠᠵᠤ  ᠰᠣᠳᠤᠯᠠᠬᠤ ᠪᠠᠷ ᠳᠠᠮᠵᠢᠨ67ᠨᠡᠷᠡᠰ ᠵᠢ ᠲᠣᠳᠤᠷᠠᠭᠤᠯᠵᠤ᠂  ᠲᠤᠰ ᠤᠳᠠᠭᠠᠨ ᠤ ᠥᠷᠢᠰᠦᠯᠳᠦᠭᠡᠨ ᠳ᠋ᠦ᠍ ᠣᠷᠤᠯᠴᠠᠭᠰᠠᠨ ᠺᠣᠮᠫᠠᠨᠢ  ᠵᠢᠴᠢ ᠬᠤᠳᠠᠯᠳᠤᠭᠠᠴᠢᠳ  ᠡᠷᠬᠡᠪᠢᠰᠢ  ᠭᠤᠷᠪᠠ ᠠ᠋ᠴᠠ  ᠳᠡᠭᠡᠰᠢ ᠰᠣᠨᠢᠨ ᠮᠡᠳᠡᠭᠡ ᠵᠢᠴᠢ ᠷᠠᠳᠢᠣ᠋ ᠶᠢᠨ ᠲᠠᠯ᠎ᠠ ᠪᠠᠷ ᠬᠢ  ᠲᠣᠭᠠᠴᠢᠯᠠᠭᠰᠠᠨ  ᠰᠣᠹᠲ ᠤᠨ ᠮᠡᠷᠭᠡᠵᠢᠯ ᠬᠠᠩᠭᠠᠭᠰᠠᠨ ᠪᠠᠢᠬᠤ ᠬᠡᠷᠡᠭᠲᠡᠢ᠂ ᠲᠤᠰ ᠤᠳᠠᠭᠠᠨ ᠤ ᠤᠷᠤᠯᠳᠤᠭᠠᠨ ᠮᠠᠨ ᠤ  ᠺᠣᠮᠫᠠᠨᠢ ᠨᠢ ᠴᠦ ᠨᠡᠷ᠎ᠡ ᠮᠡᠳᠡᠭᠦᠯᠵᠦ ᠣᠷᠤᠯᠴᠠᠵᠤ ᠪᠢᠯᠡ᠃

ᠬᠠᠮᠤᠭ ᠡᠴᠦᠰ ᠲᠦ᠍ ᠮᠠᠨ ᠤ ᠺᠣᠮᠫᠠᠨᠢ ᠨᠢ ᠴᠥᠭᠡᠨ ᠲᠣᠭᠠᠲᠤ ᠦᠨᠳᠦᠰᠦᠲᠡᠨ ᠦ᠌ ᠦᠭᠡ ᠬᠡᠯᠡ ᠦᠰᠦᠭ ᠪᠢᠴᠢᠭ᠌ ᠦᠨ ᠬᠡᠪᠯᠡᠯ ᠦᠨ ᠬᠠᠪᠰᠤᠷᠤᠮᠵᠢ ᠪᠠᠭᠠᠵᠢ ᠪᠠᠷ ᠰᠣᠩᠭᠤᠭᠳᠠᠵᠤ ᠪᠢᠯᠡ᠃

 

ᠰᠠᠷᠡᠨᠴᠡᠴᠡᠭ ᠨᠠᠢᠷᠠᠭᠤᠯᠵᠤ ᠮᠡᠳᠡᠭᠡᠯᠡᠪᠡ᠃

ᠲᠦᠷᠦᠯ ᠠᠩᠭᠢᠯᠠᠯ᠄ ᠰᠢᠨ᠎ᠡ ᠬᠦᠳᠡᠯᠦᠯ.