ᠳᠡᠯᠡᠬᠡᠢ ᠺᠣᠮᠫᠠᠨᠢ ᠶᠢᠨ ᠬᠢᠨ ᠶᠦᠨᠢᠺᠣᠳ᠋  ᠤᠨ ᠬᠤᠷᠠᠯ  ᠳᠤ ᠣᠷᠤᠯᠴᠠᠬᠤ ᠪᠠᠷ ᠠᠮᠧᠷᠢᠺᠠ ᠵᠢ ᠵᠣᠷᠢᠪᠠ

4 ᠰᠠᠷ᠎ᠠ ᠶᠢᠨ 2   ᠤᠨ ᠡᠳᠤᠷ ᠥᠪᠦᠷ  ᠮᠣᠩᠭᠤᠯ ᠤᠨ ᠳᠡᠯᠡᠬᠡᠢ ᠺᠣᠮᠫᠠᠨᠢ ᠶᠢᠨ ᠳᠠᠭᠠᠭᠠᠮᠠᠯ ᠵᠢᠷᠤᠮᠲᠤ᠂ ᠳᠡᠳ᠋ ᠳᠠᠭᠠᠭᠠᠮᠠᠯ ᠪᠤᠥ ᠬᠠᠢ ᠱᠠᠨ ᠨᠠᠷ  ᠢ ᠪᠠᠭᠲᠠᠭᠠᠭᠰᠠᠨ 6 ᠲᠤᠰᠭᠠᠢ ᠮᠡᠷᠭᠡᠵᠢᠯᠲᠡᠨ ᠵᠢᠴᠢ ᠬᠣᠯᠪᠤᠭᠳᠠᠯ ᠪᠥᠬᠦᠢ ᠬᠥᠮᠦᠰ ᠣᠯᠠᠨ ᠤᠯᠤᠰ ᠤᠨ ᠶᠥᠨᠢᠺᠣᠳ᠋ ᠶᠢᠨ ᠮᠡᠷᠭᠡᠵᠢᠯ ᠦᠨ ᠺᠣᠮᠢᠰ ᠤᠨ ᠤᠷᠢᠯᠭ᠎ᠠ ᠵᠢ ᠬᠦᠯᠢᠶᠡᠵᠦ ᠮᠣᠩᠭᠤᠯ ᠦᠰᠦᠭ ᠪᠢᠴᠢᠭ᠌ ᠦᠨ ᠪᠠᠷᠢᠮᠵᠢᠶ᠎ᠠ ᠺᠣᠳ᠋ ᠵᠢ ᠰᠠᠢᠵᠢᠷᠠᠭᠤᠯᠬᠤ ᠠᠰᠠᠭᠤᠳᠠᠯ  ᠢ ᠤᠯᠠᠮ ᠰᠠᠢᠨ ᠲᠤᠭᠤᠰᠢᠯᠠᠭᠤᠯᠬᠤ ᠲᠤᠬᠠᠢ 4 ᠰᠠᠷ᠎ᠠ ᠶᠢᠨ 2 ᠤᠨ ᠡᠳᠤᠷ ᠨᠡᠢᠰᠡᠯᠡᠯ ᠪᠡᠭᠡᠵᠢᠭ ᠡᠴᠡ ᠠᠯᠤᠰ ᠬᠤᠯᠠ ᠠᠮᠸᠷᠢᠺᠠ ᠤᠯᠤᠰ  ᠢ ᠵᠣᠷᠢᠨ ᠮᠣᠷᠳᠠᠪᠠ᠃
ᠠᠮᠸᠠᠷᠢᠺᠠ ᠶᠢᠨ ᠬᠣᠯᠪᠤᠭᠠᠯᠠᠭᠰᠠᠨ ᠮᠡᠷᠭᠡᠵᠢᠯ ᠦᠨ ᠺᠣᠮᠫᠠᠨᠢ ᠡᠴᠡ ᠵᠣᠬᠢᠶᠠᠨ ᠪᠠᠢᠭᠤᠯᠳᠠᠭ ᠤᠯᠠᠨ ᠤᠯᠤᠰ ᠤᠨ ᠪᠠᠷᠢᠮᠵᠢᠶ᠎ᠠ ᠺᠣᠳ᠋ ᠤᠨ ᠮᠡᠷᠭᠡᠵᠢᠯ ᠦᠨ ᠺᠣᠮᠢᠰ ᠤᠨ ᠬᠤᠷᠠᠯ ᠨᠢ 4 ᠰᠠᠷ᠎ᠠ ᠶᠢᠨ 3  ᠡᠴᠡ 5  ᠤ ᠡᠳᠤᠷ ᠪᠣᠯᠲᠠᠯ᠎ᠠ ᠶᠠᠪᠤᠭᠳᠠᠨ᠎ᠠ᠂ ᠲᠤᠰ ᠤᠳᠠᠭ᠎ᠠ ᠶᠢᠨ ᠬᠤᠷᠠᠯ ᠢᠶᠡᠷ ᠲᠤᠰᠭᠠᠢ ᠪᠣᠰᠤᠭ᠎ᠠ ᠮᠣᠩᠭᠤᠯ ᠦᠰᠦᠭ ᠪᠢᠴᠢᠭ᠌ ᠦᠨ ᠪᠠᠷᠢᠮᠵᠢᠶ᠎ᠠ ᠺᠣᠳ᠋ ᠤᠨ ᠲᠤᠬᠠᠢ ᠲᠤᠰᠭᠠᠢ ᠶᠠᠷᠢᠯᠴᠠᠬᠤ ᠪᠡᠷ ᠲᠤᠭᠳᠠᠵᠤ᠂ ᠲᠤᠮᠳᠠᠳᠤ ᠂ ᠮᠣᠩᠭᠤᠯ ᠂ ᠠᠮᠧᠷᠢᠺᠠ᠂ ᠠᠦ᠋ᠰᠲ᠋ᠷᠠᠯᠢᠢ᠎ᠠ ᠵᠡᠷᠭᠡ ᠤᠯᠤᠰ  ᠣᠷᠤᠨ ᠤ20 ᠭᠠᠷᠤᠢ ᠲᠤᠰᠭᠠᠢ ᠮᠡᠷᠭᠡᠵᠢᠯᠲᠡᠨ ᠣᠷᠤᠯᠴᠠᠬᠤ ᠪᠣᠯᠤᠨ᠎ᠠ᠃


ᠳᠡᠭᠡᠷ᠎ᠡ ᠵᠠᠭᠤᠨ ᠤ ᠳᠠᠯᠠᠭᠠᠳ ᠣᠨ ᠳᠤ ᠮᠠᠨ ᠤ ᠣᠷᠤᠨ ᠤ ᠬᠠᠮᠢᠶᠠᠲᠠᠢ ᠮᠡᠷᠭᠡᠵᠢᠯᠲᠡᠳ ᠮᠣᠩᠭᠤᠯ ᠦᠰᠦᠭ ᠢ ᠺᠣᠮᠫᠢᠦ᠋ᠲ᠋ᠧᠷ ᠲᠤ ᠣᠷᠤᠭᠤᠯᠬᠤ  ᠪᠡᠷ ᠰᠡᠳᠭᠢᠵᠦ ᠡᠬᠢᠯᠡᠭᠡᠳ᠂ 1982 ᠣᠨ ᠤ ᠦᠶ᠎ᠡ ᠳᠤ ᠨᠢᠭᠡᠨᠲᠡ ᠮᠣᠩᠭᠤᠯ ᠦᠰᠦᠭ ᠢ ᠺᠣᠮᠫᠢᠦ᠋ᠲ᠋ᠧᠷ  ᠲᠤ ᠣᠷᠤᠭᠤᠯᠬᠤ ᠰᠢᠰᠲ᠋ᠧᠮ ᠵᠢ ᠠᠮᠵᠢᠯᠲᠠ ᠲᠠᠢ  ᠪᠡᠷ ᠡᠭᠦᠳᠦᠭᠰᠡᠨ ᠪᠠᠢᠨ᠎ᠠ᠂ ᠳᠡᠭᠡᠷ᠎ᠡ ᠵᠠᠭᠤᠨ ᠤ ᠶᠡᠷᠡᠭᠡᠳ ᠣᠨ ᠤ ᠦᠶ᠎ᠡ ᠳᠤ ᠦᠰᠦᠭ ᠪᠢᠴᠢᠭ᠌  ᠢ ᠪᠠᠷᠢᠮᠵᠢᠶᠠᠵᠢᠭᠤᠯᠬᠤ ᠠᠵᠢᠯ ᠡᠬᠢᠯᠡᠵᠦ ᠮᠣᠩᠭᠤᠯᠴᠤᠳ ᠴᠦ ᠡᠨᠡ ᠠᠵᠢᠯ ᠳᠤ ᠢᠳᠡᠪᠬᠢᠯᠡᠨ ᠣᠷᠤᠯᠴᠠᠵᠤ᠂ ᠮᠣᠩᠭᠤᠯ ᠦᠭᠡ ᠦᠰᠦᠭ ᠤᠨ ᠪᠠᠷᠢᠮᠵᠢᠶ᠎ᠠ ᠺᠣᠳ᠋ ᠳᠣᠭᠲᠠᠭᠠᠬᠤ ᠲᠡᠢᠰᠢ ᠴᠢᠷᠮᠠᠢᠭᠰᠠᠨ ᠪᠠᠢᠨ᠎ᠠ᠃
2000 ᠣᠨ ᠳᠤ ᠮᠣᠩᠭᠤᠯ ᠦᠰᠦᠭ ᠪᠢᠴᠢᠭ᠌ ᠤᠨ ᠶᠥᠨᠢᠺᠣᠳ᠋ ( ISO/IEC 10646:2000)  ᠢ ᠤᠯᠠᠨ ᠤᠯᠤᠰ ᠤᠨ ᠶᠥᠨᠢᠺᠣᠳ᠋  ᠤᠨ ᠮᠡᠷᠭᠡᠵᠢᠯ ᠦᠨ ᠺᠣᠮᠢᠰ ᠢᠶᠠᠷ  ᠪᠠᠳᠤᠯᠠᠭᠤᠯᠤᠭᠰᠠᠨ ᠪᠠᠢᠳᠠᠭ᠃ ᠭᠡᠪᠡᠴᠦ ᠣᠢᠯᠠᠭᠠᠭᠰᠠᠨ ᠢᠶᠡᠷ ᠲᠡᠷᠡ ᠦᠶ᠎ᠡ ᠳᠤ ᠦᠶ᠎ᠡ ᠬᠤᠪᠢᠷᠠᠬᠤ ᠠᠷᠭ᠎ᠠ ᠵᠢ ᠲᠣᠭᠲᠠᠭᠠᠭᠰᠠᠨ ᠦᠭᠡᠢ᠂ ᠮᠡᠷᠭᠡᠵᠢᠯ ᠬᠦᠷᠦᠯᠴᠡᠬᠦ ᠦᠭᠡᠢ᠂ ᠴᠢᠳᠠᠪᠤᠷᠢᠲᠠᠨ ᠨᠠᠷ ᠲᠤᠲᠠᠮᠠᠭ ᠵᠡᠷᠭᠡ ᠡᠴᠡ ᠪᠣᠯᠤᠭᠠᠳ ᠥᠷᠭᠡᠨ ᠬᠡᠷᠡᠭᠯᠡᠭᠡᠨ ᠳᠤ ᠣᠷᠤᠵᠤ ᠴᠢᠳᠠᠭ᠎ᠠ ᠦᠭᠡᠢ᠂ ᠭᠡᠬᠦ ᠳ᠋ᠦ ᠪᠡᠨ ᠠᠯᠪᠠᠨ ᠶᠣᠰᠤ ᠪᠡᠷ ᠨᠡᠢᠲᠡᠯᠡᠭᠳᠡᠵᠦ 18 ᠵᠢᠯ ᠭᠠᠷᠤᠢ ᠬᠡᠷᠡᠭᠯᠡᠭᠳᠡᠵᠦ ᠢᠷᠡᠭᠰᠡᠨ ᠪᠠᠢᠨ᠎ᠠ᠃ ᠡᠨᠡ ᠤ ᠳᠤᠮᠳᠠ ᠤᠯᠠᠨ ᠠᠷᠪᠢᠨ ᠪᠠᠢᠭᠤᠯᠭ᠎ᠠ ᠨᠢᠭᠡᠴᠢ ᠺᠣᠮᠫᠠᠨᠢ ᠨᠢ ᠥᠪᠡᠷ ᠥᠪᠡᠷ ᠪᠡᠨ ᠦᠰᠦᠭ ᠰᠢᠪᠡᠬᠦ ᠠᠷᠭ᠎ᠠ ᠵᠢ ᠡᠭᠦᠳᠴᠦ ᠬᠡᠷᠡᠭᠯᠡᠭᠰᠡᠨ ᠡᠴᠡ ᠣᠳᠥ ᠮᠠᠨ ᠤ ᠨᠢᠭᠡᠮᠦᠰᠦᠨ ᠳᠡᠭᠡᠷ᠎ᠡ ᠬᠡᠷᠡᠭᠯᠡᠵᠦ ᠪᠠᠢᠭ᠎ᠠ ᠦᠰᠦᠭ ᠰᠢᠪᠡᠬᠦ ᠠᠷᠭ᠎ᠠ ᠨᠤᠭᠤᠳ ᠨᠢ ᠬᠣᠭᠤᠷᠤᠨᠳᠤ ᠪᠡᠨ ᠠᠭᠤᠰᠤᠯᠴᠠᠬᠤ ᠦᠭᠡᠢ ᠦᠵᠡᠭᠳᠡᠯ ᠣᠷᠤᠰᠢᠵᠤ ᠬᠡᠷᠡᠭᠯᠡᠭᠴᠢᠳ ᠲᠤ ᠮᠠᠰᠢ ᠶᠡᠬᠡ ᠨᠥᠯᠦᠭᠡ ᠲᠠᠢ ᠪᠠᠢᠭ᠎ᠠ ᠶᠤᠮ᠃
ᠲᠤᠰ ᠤᠳᠠᠭᠠᠨ ᠤ ᠬᠤᠷᠠᠯᠳᠤᠭᠠᠨ  ᠳᠤ ᠮᠠᠨ ᠤ ᠺᠣᠮᠫᠠᠨᠢ  ᠶᠢᠨ ᠮᠡᠷᠭᠡᠵᠢᠯᠳᠡᠨ ᠪᠠᠭᠰᠢ ᠨᠠᠷ ᠪᠠᠷᠢᠮᠵᠢᠶ᠎ᠠ ᠺᠣᠳ᠋ ᠵᠢ ᠰᠠᠢᠵᠢᠷᠠᠭᠤᠯᠬᠤ ᠲᠤᠬᠠᠢ ᠰᠢᠨ᠎ᠡ ᠪᠡᠷ ᠵᠠᠰᠠᠨ ᠰᠠᠢᠵᠢᠷᠠᠭᠤᠯᠤᠭᠰᠠᠨ ᠪᠠᠷᠢᠮᠵᠢᠶ᠎ᠠ ᠪᠡᠨ ᠠᠪᠤᠭᠠᠳ ᠣᠴᠢᠭᠰᠠᠨ ᠪᠠᠢᠨ᠎ᠠ᠃ ᠮᠠᠨ ᠤ ᠮᠣᠩᠭᠤᠯ ᠦᠰᠦᠭ  ᠵᠢ ᠳᠡᠯᠡᠬᠡᠢ ᠳᠡᠭᠡᠷ᠎ᠡ ᠴᠣᠷ  ᠤᠨ ᠭᠠᠭᠴᠠ ᠪᠣᠰᠤᠭ᠎ᠠ ᠪᠡᠷ ᠪᠢᠴᠢᠳᠡᠭ ᠦᠰᠦᠭ  ᠢᠶᠡᠷ ᠪᠠᠷᠠᠬᠤ ᠦᠭᠡᠢ ᠳᠦᠷᠰᠦ ᠢᠵᠢᠯ ᠳᠠᠭᠤᠳᠠᠯᠭ᠎ᠠ ᠤᠯᠠᠨ ᠦᠰᠦᠭ ᠤᠯᠠᠨ ᠪᠠᠢᠭ᠎ᠠ ᠶᠤᠮ᠂ ᠳᠡᠭᠡᠬᠦ ᠪᠡᠷ ᠳᠦᠷᠰᠦ ᠪᠡᠷ ᠣᠷᠤᠭᠤᠯᠬᠤ ᠮᠡᠷᠭᠡᠵᠢᠯ ᠳᠤ ᠵᠢᠭᠠᠬᠠᠨ ᠳᠤᠲᠠᠭᠳᠠᠯ ᠣᠷᠤᠰᠢᠬᠤ ᠪᠣᠯᠤᠨ᠎ᠠ᠂
ᠮᠠᠨ ᠤ ᠣᠷᠤᠨ ᠤ ᠮᠣᠩᠭᠤᠯ ᠦᠭᠡ ᠬᠡᠯᠡ ᠦᠰᠦᠭ ᠪᠢᠴᠢᠭ᠌ ᠦᠨ ᠮᠡᠳᠡᠭᠡ ᠵᠠᠩᠭᠢᠴᠢᠯᠠᠯᠲᠠ  ᠶᠢᠨ ᠠᠵᠢᠯ ᠳᠤ ᠶᠡᠬᠡ  ᠬᠥᠨᠳᠤᠳᠬᠡᠵᠦ ᠪᠠᠢᠳᠠᠭ᠂ ᠨᠡᠩ ᠢᠯᠠᠩᠭᠤᠶ᠎ᠠ ᠨᠠᠮ ᠤᠨ ᠠᠷᠪᠡᠨ ᠨᠠᠢ᠍ᠮᠠᠳᠤᠭᠠᠷ   ᠶᠡᠬᠡ ᠬᠤᠷᠠᠯ  ᠡᠴᠡ ᠨᠠᠭᠠᠰᠢ ᠨᠠᠮ ᠵᠠᠰᠠᠭ ᠡᠴᠡ ᠴᠦ ᠲᠤᠰᠠ ᠳᠡᠮᠵᠢᠯᠭᠡ ᠦᠵᠡᠭᠦᠯᠵᠦ ᠪᠠᠢᠳᠠᠭ ᠶᠤᠮ᠃
2016 ᠣᠨ ᠳᠤ ᠮᠠᠨ ᠤ ᠥᠪᠦᠷ ᠮᠣᠩᠭᠤᠯ  ᠡᠴᠡ ᠪᠠᠭᠰᠢ ᠨᠠᠷ ᠨᠢᠭᠡ ᠬᠤᠶᠠᠷ ᠬᠥᠮᠦᠨ  ᠢᠶᠡᠷ ᠤᠯᠠᠨ ᠤᠯᠤᠰ ᠤᠨ ᠶᠥᠨᠢᠺᠣᠳ᠋  ᠤᠨ ᠮᠡᠷᠭᠡᠵᠢᠯ ᠦᠨ ᠺᠣᠮᠢᠰ ᠤᠨ ᠬᠤᠷᠠᠯ ᠳᠤ ᠣᠷᠤᠯᠴᠠᠵᠤ ᠪᠠᠢᠭᠰᠠᠨ ᠪᠣᠯ ᠣᠳᠤ ᠪᠣᠯᠬᠤ ᠳᠤ 6 ᠬᠥᠮᠦᠨ ᠣᠷᠤᠯᠴᠠᠬᠤ ᠪᠣᠯᠤᠭᠰᠠᠨ ᠪᠠᠢᠨ᠎ᠠ᠂ ᠡᠨᠡ  ᠨᠢ ᠮᠠᠨ ᠤ ᠮᠣᠩᠭᠤᠯ ᠦᠭᠡ ᠬᠡᠯᠡ ᠦᠰᠦᠭ ᠪᠢᠴᠢᠭ᠌  ᠢ ᠺᠣᠳᠠᠴᠢᠯᠠᠬᠤ ᠲᠠᠯ᠎ᠠ ᠪᠡᠷ ᠤᠯᠠᠨ ᠠᠷᠪᠢᠨ ᠮᠡᠷᠭᠡᠵᠢᠯᠲᠡᠨ ᠪᠠᠭᠰᠢ ᠨᠠᠷ ᠬᠦᠴᠦᠯᠡᠨ ᠴᠢᠷᠮᠠᠢᠵᠦ ᠪᠠᠢᠭ᠎ᠠ ᠶᠢᠨ ᠢᠯᠡᠷᠡᠯ ᠳᠡᠳᠤᠢ ᠦᠭᠡᠢ ᠃ ᠮᠥᠨ ᠴᠦ ᠳᠡᠯᠡᠬᠡᠢ ᠳ᠋ᠠᠬᠢᠨ ᠳᠤ ᠥᠪᠡᠷ  ᠤᠨ ᠭᠡᠰᠡᠨ ᠣᠷᠤᠨ ᠪᠠᠢᠷᠠᠢ ᠪᠠᠨ ᠡᠵᠡᠯᠡᠵᠤ ᠮᠣᠩᠭᠤᠯ ᠦᠭᠡ ᠬᠡᠯᠡ ᠦᠰᠦᠭ ᠪᠢᠴᠢᠭ᠌  ᠢᠶᠡᠨ ᠨᠡᠩ ᠴᠢᠨᠠᠭᠰᠢᠳᠠ ᠬᠥᠭᠵᠢᠭᠦᠯᠬᠦ ᠶᠢᠨ ᠲᠥᠯᠦᠭᠡ ᠴᠢᠷᠮᠠᠢᠵᠤ ᠪᠠᠢᠭ᠎ᠠ ᠤᠴᠢᠷ ᠶᠤᠮ᠃

ᠲᠦᠷᠦᠯ ᠠᠩᠭᠢᠯᠠᠯ᠄ ᠰᠢᠨ᠎ᠡ ᠬᠦᠳᠡᠯᠦᠯ, 未分类.