ᠤᠯᠤᠰ ᠤᠨ ᠮᠣᠩᠭᠤᠯ ᠳ᠋ᠢᠭᠢᠲ ᠡᠬᠢ ᠪᠠᠶᠠᠯᠢᠭ ᠤᠨ ᠪᠠᠷᠢᠮᠵᠢᠶ᠎ᠠ ᠬᠡᠷᠡᠭᠯᠡᠭᠡᠨ ᠦ᠌ ᠭᠣᠣᠯᠳᠠᠯᠭᠠᠲᠤ ᠲᠤᠷᠰᠢᠯᠲᠠ ᠶ᠋ᠢᠨ ᠲᠠᠰᠤᠭ ᠪᠠᠢᠭᠤᠯᠤᠭᠳᠠᠪᠠ

2018 ᠣᠨ ᠤ᠋ 9 ᠰᠠᠷ᠎ᠠ ᠶ᠋ᠢᠨ7 ᠤ᠋ ᠡᠳᠦᠷ ᠬᠥᠬᠡᠬᠣᠲᠠ ᠳ᠋ᠤ᠌ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠡᠴᠡ ᠳᠠᠭᠠᠭᠠᠴᠢᠯᠠᠨ ᠪᠡᠶᠡᠯᠡᠭᠦᠯᠦᠭᠰᠡᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦ᠋ᠨ ᠲᠤᠯᠭᠠᠭᠤᠷᠢᠯᠠᠭᠰᠠᠨ ᠲᠥᠰᠦᠯ (ᠮᠣᠩᠭᠤᠯ ᠳ᠋ᠢᠭᠢᠲ ᠬᠡᠪᠯᠡᠯ) ᠤᠨ ᠰᠤᠳᠤᠯᠭᠠᠨ ᠤ ᠦᠷ᠎ᠡ ᠪᠦᠲᠦᠭᠡᠯ ᠢ᠋ ᠨᠡᠢᠲᠡᠯᠡᠬᠦ ᠬᠤᠷᠠᠯ ᠵᠢᠴᠢ ᠮᠣᠩᠭᠤᠯ ᠳ᠋ᠢᠭᠢᠲ ᠡᠬᠢ ᠪᠠᠶᠠᠯᠢᠭ ᠤᠨ ᠪᠠᠷᠢᠮᠵᠢᠶ᠎ᠠ ᠬᠡᠷᠡᠭᠯᠡᠭᠡᠨ ᠦ᠌ ᠭᠣᠣᠯᠳᠠᠯᠭᠠᠲᠤ ᠲᠤᠷᠰᠢᠯᠲᠠ ᠶ᠋ᠢᠨ ᠲᠠᠰᠤᠭ  ᠪᠠᠢᠭᠤᠯᠬᠤ ᠶᠣᠰᠣᠯᠠᠯ ᠶᠠᠪᠤᠭᠳᠠᠪᠠ᠃ ᠬᠤᠷᠠᠯ ᠳ᠋ᠤ᠌ ᠰᠢᠨᠵᠢᠯᠡᠬᠦ ᠤᠬᠠᠭᠠᠨ ᠮᠡᠷᠭᠡᠵᠢᠯ ᠦ᠋ᠨ ᠲᠤᠯᠭᠠᠭᠤᠷᠢᠯᠠᠭᠰᠠᠨ ᠲᠥᠰᠦᠯ ᠨᠢ ᠤᠯᠤᠰ ᠠᠷᠠᠳ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠶᠠᠪᠤᠴᠠ ᠳ᠋ᠡᠬᠢ ᠰᠢᠨᠵᠢᠯᠡᠬᠦ ᠤᠬᠠᠭᠠᠨ ᠮᠡᠷᠭᠡᠵᠢᠯ ᠦ᠋ᠨ ᠱᠠᠭᠠᠷᠳᠠᠯᠭ᠎ᠠ  ᠪᠠᠷ ᠶᠡᠷᠦᠩᠬᠡᠢᠯᠡᠭᠰᠡᠨ ᠴᠢᠨᠠᠷᠲᠠᠢ᠂ᠠᠵᠢᠯ ᠮᠡᠷᠭᠡᠵᠢᠯ ᠪᠠ ᠣᠷᠤᠨ ᠨᠤᠲᠤᠭ ᠠᠯᠤᠰᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠦ᠋ᠨ ᠬᠦᠨᠳᠦ ᠴᠢᠬᠤᠯᠠ ᠠᠰᠠᠭᠤᠳᠠᠯ ᠢ ᠰᠢᠶ᠋ᠳᠪᠦᠷᠢᠯᠡᠨ ᠮᠡᠷᠭᠡᠵᠢᠯ ᠦ᠋ᠨ ᠲᠠᠯ᠎ᠠ ᠪᠠᠷ ᠰᠢᠪᠲᠤᠯᠤᠯᠲᠠ ᠬᠢᠵᠦ ᠠᠵᠤ ᠦᠢᠯᠡᠰ ᠦ᠋ᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶ᠋ᠢᠨ ᠲᠥᠯᠦᠭᠡ ᠤᠯᠤᠰ ᠠ᠋ᠴᠠ ᠪᠠᠢᠭᠤᠯᠤᠭᠰᠠᠨ ᠬᠦᠨᠳᠦ ᠴᠢᠬᠤᠯᠠ ᠲᠥᠰᠦᠯ ᠪᠣᠯᠬᠤ ᠶᠤᠮ᠃

ᠲᠤᠰ ᠤᠳᠠᠭᠠᠨ ᠤ᠋ ᠬᠤᠷᠠᠯ ᠳ᠋ᠤ᠌ ᠵᠧᠦ ᠴᠠᠩ ᠯᠢᠩ᠂ ᠼᠠᠢ ᠵᠢᠩ ᠱᠧᠩ᠂ ᠹᠧᠢ ᠯᠦᠩ᠂ ᠭᠤᠤ ᠭᠤᠸᠠᠩ ᠯᠠᠢ ᠵᠡᠷᠭᠡ ᠨᠡᠷ᠎ᠡ ᠬᠥᠨᠳᠦᠲᠦ 40 ᠳ᠋ᠤᠺᠲ᠋ᠤᠷ᠂ ᠫᠷᠣᠹᠧᠰᠰᠣᠷ ᠢ᠋ ᠡᠨᠡᠬᠦ ᠲᠠᠰᠤᠭ ᠲᠠᠭᠠᠨ ᠮᠡᠷᠭᠡᠵᠢᠯᠲᠡᠨ ᠢ᠋ᠶ᠋ᠡᠷ ᠤᠷᠢᠵᠤ ᠮᠣᠩᠭᠤᠯ ᠬᠡᠪᠯᠡᠯ ᠦ᠋ᠨ ᠦᠢᠯᠡᠰ ᠦ᠋ᠨ ᠪᠠᠷᠢᠮᠵᠢᠶᠠᠵᠢᠭᠰᠠᠨ ᠰᠢᠰᠲ᠋ᠧᠮ ᠦ᠋ᠨ ᠪᠠᠢᠭᠤᠯᠤᠯᠲᠠ ᠵᠡᠷᠭᠡ ᠲᠠᠯ᠎ᠠ ᠪᠠᠷ ᠬᠢ ᠰᠤᠳᠤᠯᠭᠠᠨ ᠤ᠋ ᠦᠷ᠎ᠡ ᠪᠦᠲᠦᠭᠡᠯ ᠢ᠋ ᠰᠤᠳᠤᠯᠤᠨ ᠶᠠᠷᠢᠯᠴᠠᠪᠠ᠃

ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ 2016 ᠣᠨ ᠤ᠋ 12 ᠰᠠᠷ᠎ᠠ ᠳᠤ ᠤᠯᠤᠰ ᠤᠨ ᠬᠡᠪᠯᠡᠯ ᠦ᠋ᠨ ᠶᠡᠷᠦᠩᠬᠡᠢ ᠵᠠᠬᠢᠷᠭᠠᠨ ᠤ ᠵᠥᠪᠰᠢᠶᠡᠷᠡᠯ ᠲᠡᠢ ᠪᠡᠷ ᠥᠪᠦᠷ ᠮᠣᠩᠭᠤᠯ ᠤ᠋ᠨ ᠳᠡᠯᠡᠬᠡᠢ ᠰᠤᠷᠠᠭ ᠵᠠᠩᠭᠢᠴᠢᠯᠠᠯᠲᠠ ᠮᠡᠷᠭᠡᠵᠢᠯ ᠦ᠋ᠨ ᠺᠣᠮᠫᠠᠨᠢ᠂ ᠥᠪᠦᠷ ᠮᠣᠩᠭᠤᠯ ᠤ᠋ᠨ ᠡᠳ᠋ ᠦ᠋ᠨ ᠵᠠᠰᠠᠭ ᠤᠨ ᠶᠡᠬᠡ ᠰᠤᠷᠭᠠᠭᠤᠯᠢ ᠲᠠᠢ ᠬᠠᠮᠲᠤᠷᠠᠨ ᠮᠣᠩᠭᠤᠯ ᠳ᠋ᠢᠭᠢᠲ ᠬᠡᠪᠯᠡᠯ ᠦ᠋ᠨ ᠰᠤᠳᠤᠯᠭ᠎ᠠ ᠪᠠᠷ ᠡᠨᠡᠬᠦ ᠲᠥᠰᠦᠯ ᠦ᠋ᠨ  ᠪᠠᠢᠭᠤᠯᠤᠲᠠ  ᠳ᠋ᠤ᠌ ᠣᠷᠤᠯᠴᠠᠵᠤ᠂38 ᠬᠥᠮᠦᠨ ᠦ᠌ ᠪᠦᠷᠢᠯᠳᠦᠬᠦᠨ ᠲᠡᠢ ᠮᠡᠷᠭᠡᠵᠢᠯ ᠦ᠋ᠨ ᠪᠠᠭ ᠪᠠᠢᠭᠤᠯᠤᠨ ᠬᠤᠶᠠᠷ ᠵᠢᠯ ᠭᠠᠷᠤᠢ ᠶᠢᠨ ᠲᠤᠷᠰᠢ ᠤᠯᠠᠨ ᠠᠮᠵᠢᠯᠲᠠ ᠪᠦᠲᠦᠮᠵᠢ ᠭᠠᠷᠭᠠᠵᠠᠢ᠃ ᠡᠭᠦᠨ ᠳ᠋ᠦ᠍᠂ ᠤᠯᠠᠨ ᠤᠯᠤᠰ ᠤᠨ ᠪᠠᠷᠢᠮᠵᠢᠶᠠᠲᠤ ᠺᠣᠳ᠋ ᠲᠤ᠌ ᠰᠠᠭᠤᠷᠢᠯᠠᠭᠰᠠᠨ ios ᠪᠣᠯᠤᠨ Android ᠰᠢᠰᠲ᠋ᠧᠮ ᠳᠡᠭᠡᠷ᠎ᠡ ᠠᠵᠢᠯᠯᠠᠳᠠᠭ ᠤᠯᠠᠮᠵᠢᠯᠠᠯᠲᠤ ᠮᠣᠩᠭᠤᠯ ᠬᠡᠯᠡᠨ ᠦ᠌ ᠪᠣᠰᠤᠭ᠎ᠠ ᠪᠠᠷ ᠪᠢᠴᠢᠬᠦ ᠨᠠᠢᠷᠠᠭᠤᠯᠤᠭᠤᠷ ᠂ ᠮᠣᠩᠭᠤᠯ ᠬᠢᠲᠠᠳ ᠳ᠋ᠢᠭᠢᠲ ᠬᠡᠪᠯᠡᠯ ᠵᠢᠴᠢ ᠨᠧᠲ ᠰᠤᠷᠭᠠᠨ ᠬᠥᠮᠦᠵᠢᠯ ᠦ᠋ᠨ ᠶᠡᠷᠦᠩᠬᠡᠢᠯᠡᠭᠰᠡᠨ ᠦᠢᠯᠡᠴᠢᠯᠡᠭᠡᠨ ᠦ᠌ ᠡᠭᠦᠯᠡᠨ ᠳᠠᠪᠴᠠᠩ᠂ ᠤᠯᠠᠨ ᠬᠡᠯᠡᠨ ᠦ᠌ ᠪᠦᠷᠢᠨ ᠵᠠᠭᠤᠴᠢᠲᠤ ᠡᠯᠧᠺᠲ᠋ᠷᠣᠨ ᠬᠤᠳᠠᠯᠳᠤᠭᠠᠨ ᠤ ᠨᠧᠲ ᠦ᠋ᠨ ᠪᠦᠯᠦᠭ ᠨᠡᠭᠡᠭᠡᠨ ᠦᠢᠯᠡᠳᠬᠦ ᠳᠠᠪᠴᠠᠩ᠂ DelehiSpace ᠤᠯᠠᠨ ᠬᠡᠯᠡᠲᠦ ᠳ᠋ᠢᠭᠢᠲ ᠡᠬᠢ ᠰᠤᠷᠪᠤᠯᠵᠢ ᠶᠢ ᠬᠠᠮᠲᠤᠪᠠᠷ ᠡᠳ᠋ᠯᠡᠨ ᠬᠠᠷᠢᠯᠴᠠᠨ ᠰᠣᠯᠢᠯᠴᠠᠬᠤ ᠶ᠋ᠢ ᠬᠠᠮᠢᠶᠠᠷᠬᠤ ᠰᠢᠰᠲ᠋ᠧᠮ᠂ ᠮᠣᠩᠭᠤᠯ ᠡᠯᠧᠺᠲ᠋ᠷᠣᠨ ᠨᠣᠮ ᠤᠩᠰᠢᠬᠤ ᠰᠣᠹᠲ᠂ ᠤᠯᠠᠨ ᠬᠡᠯᠡᠲᠦ
ᠳᠠᠪᠴᠠᠩ ᠠᠯᠤᠰᠯᠠᠭᠰᠠᠨ ᠠᠯᠪᠠᠨ ᠤ ᠢᠵᠢ ᠲᠣᠨᠤᠭ᠂ ᠤᠯᠠᠨ ᠤᠯᠤᠰ ᠤᠨ ᠪᠠᠷᠢᠮᠵᠢᠶᠠᠲᠤ ᠺᠣᠳ᠋ ᠲᠡᠬᠢ ᠮᠣᠩᠭᠤᠯ ᠦᠰᠦᠭ ᠦ᠋ᠨ ᠪᠦᠷᠢᠨ ᠵᠠᠭᠤᠴᠢᠲᠤ ᠬᠠᠢᠭᠴᠢ ᠵᠡᠷᠭᠡ ᠶ᠋ᠢ ᠪᠠᠭᠲᠠᠭᠠᠭᠰᠠᠨ 12 ᠰᠣᠹᠲ ᠰᠤᠳᠤᠯᠤᠨ ᠪᠦᠲᠦᠭᠡᠵᠦ᠂ ᠬᠡᠪᠯᠡᠯ ᠦ᠋ᠨ ᠡᠷᠬᠡ ᠲᠡᠢ 13 ᠲᠥᠷᠦᠯ ᠢ᠋ ᠪᠦᠷᠢᠳᠭᠡᠭᠦᠯᠵᠦ᠂ ᠪᠦᠲᠦᠭᠡᠭᠳᠡᠬᠦᠨ ᠦ᠌ ᠲᠥᠷᠦᠯ ᠵᠦᠢᠯ ᠳ᠋ᠦ᠍ 2 ᠢ ᠪᠦᠷᠢᠳᠭᠡᠭᠦᠯᠦᠨ ᠦᠷ᠎ᠡ ᠪᠦᠲᠦᠮᠵᠢ ᠶ᠋ᠢᠨ ᠲᠥᠷᠦᠯ ᠵᠦᠢᠯ ᠳ᠋ᠦ᠍ ᠮᠥᠨ 2 ᠢ ᠪᠦᠷᠢᠳᠭᠡᠭᠦᠯᠵᠡᠢ᠃ ᠦᠷᠭᠦᠯᠵᠢᠯᠡᠭᠰᠡᠨ ᠰᠤᠳᠤᠯᠭᠠᠨ ᠤ ᠠᠮᠵᠢᠯᠲᠠ ᠪᠦᠲᠦᠭᠡᠯ ᠦ᠋ᠨ ᠲᠠᠯ᠎ᠠ ᠪᠠᠷ ᠳᠠᠶᠠᠩ ᠮᠣᠩᠭᠤᠯ ᠬᠢᠲᠠᠳ ᠣᠶᠤᠨᠲᠤ ᠰᠤᠷᠭᠠᠨ ᠬᠥᠮᠦᠵᠢᠯ ᠦ᠋ᠨ ᠳᠠᠪᠴᠠᠩ᠂ ᠮᠣᠩᠭᠤᠯ ᠬᠢᠲᠠᠳ ᠬᠣᠣᠰ ᠬᠡᠯᠡᠨ ᠦ᠌ ᠣᠶᠤᠨᠲᠤ ᠰᠤᠷᠭᠠᠨ ᠬᠥᠮᠦᠵᠢᠯ ᠦ᠋ᠨ ᠬᠠᠮᠢᠶᠠᠷᠤᠯᠲᠠ ᠶ᠋ᠢᠨ ᠰᠢᠰᠲ᠋ᠧᠮ᠂ ᠵᠡᠷᠭᠡ ᠶ᠋ᠢ ᠪᠠᠭᠲᠠᠭᠠᠭᠰᠠᠨ ᠰᠠᠭᠤᠷᠢ ᠰᠣᠹᠲ᠂ ᠰᠤᠷᠭᠠᠨ ᠬᠥᠮᠦᠵᠢᠯ᠂ ᠬᠡᠪᠯᠡᠯ ᠦ᠋ᠨ ᠬᠦᠷᠢᠶᠡᠨ ᠳ᠋ᠡᠬᠢ ᠤᠯᠠᠨ ᠲᠥᠷᠦᠯ ᠦ᠋ᠨ ᠬᠡᠷᠡᠭᠯᠡᠭᠡᠨ ᠦ᠌ ᠰᠣᠹᠲ ᠤ᠋ᠳ ᠢ᠋ ᠰᠤᠳᠤᠯᠤᠨ ᠪᠦᠲᠦᠭᠡᠵᠡᠢ᠃ ᠡᠭᠦᠨ ᠦ᠌ ᠳᠠᠭᠠᠤ ᠳᠡᠯᠡᠬᠡᠢ ᠺᠣᠮᠫᠠᠨᠢ ᠨᠢ ᠲᠤᠰ ᠤᠳᠠᠭᠠᠨ ᠤ᠋ ᠬᠤᠷᠠᠯ ᠢ᠋ᠶ᠋ᠠᠷ ᠳᠠᠮᠵᠢᠭᠤᠯᠤᠨ ᠥᠪᠡᠷ ᠢ᠋ᠶ᠋ᠡᠨ ᠰᠢᠨ᠎ᠡ ᠪᠡᠷ ᠬᠢᠵᠦ ᠪᠠᠢᠭ᠎ᠠ ᠳᠡᠯᠡᠬᠡᠢ ᠬᠠᠢᠯᠲᠠ᠂ ᠲᠣᠷᠭᠠᠨ ᠬᠠᠷᠠᠭ᠎ᠠ᠂ ᠳᠡᠯᠡᠬᠡᠢ ᠪᠢᠯᠢᠭ᠌ ᠦ᠋ᠨ ᠰᠠᠩ ᠢ᠋ᠶ᠋ᠠᠨ ᠬᠡᠷᠡᠭᠯᠡᠭᠴᠢᠳ ᠦ᠋ᠨ ᠢ᠋ᠶ᠋ᠡᠨ ᠬᠠᠷᠠᠭᠠᠨ ᠳ᠋ᠤ᠌ ᠲᠣᠯᠢᠳᠠᠭᠤᠯᠵᠤ᠂ ᠰᠣᠨᠤᠷ ᠲᠤ᠌ ᠰᠣᠨᠤᠷᠳᠠᠭᠤᠯᠬᠤ ᠪᠠᠷ ᠨᠡᠭᠡᠭᠡᠯᠲᠡ ᠶ᠋ᠢᠨ ᠶᠣᠰᠤᠯᠠᠯ ᠢ᠋ᠶ᠋ᠠᠨ ᠰᠡᠬᠦᠵᠦ᠂ ᠢᠷᠡᠭᠰᠡᠨ ᠵᠣᠴᠢᠳ ᠲᠤ᠌ ᠪᠠᠨ ᠦᠵᠡᠭᠦᠯᠭᠡ ᠳᠡᠯᠭᠡᠨ ᠡᠯ᠎ᠡ ᠰᠢᠰᠲ᠋ᠧᠮ ᠤ᠋ᠨ ᠦᠢᠯᠡᠳᠦᠯᠭᠡ  ᠬᠡᠷᠡᠭᠴᠡᠭᠡ ᠶ᠋ᠢᠨ ᠲᠤᠬᠠᠢ ᠨᠠᠷᠢᠯᠢᠭ ᠲᠠᠢᠯᠪᠤᠷᠢᠯᠠᠵᠤ᠂ ᠡᠯ᠎ᠡ ᠠᠢᠮᠠᠭ ᠬᠣᠲᠠ ᠠ᠋ᠴᠠ ᠢᠷᠡᠵᠦ ᠬᠤᠷᠠᠯ ᠳ᠋ᠤ᠌ ᠣᠷᠤᠯᠴᠠᠭᠰᠠᠨ ᠮᠡᠷᠭᠡᠵᠢᠯᠲᠡᠨ ᠪᠠᠭᠰᠢ ᠨᠠᠷ ᠲᠠᠢ ᠰᠠᠨᠠᠯ ᠵᠥᠪᠯᠡᠯᠭᠡ ᠪᠡᠨ ᠰᠣᠯᠢᠯᠴᠠᠭᠰᠠᠨ ᠪᠠᠢᠨ᠎ᠠ᠃

 

 

ᠲᠦᠷᠦᠯ ᠠᠩᠭᠢᠯᠠᠯ᠄ ᠰᠢᠨ᠎ᠡ ᠬᠦᠳᠡᠯᠦᠯ, 未分类.