ᠣᠯᠠᠨ ᠤᠯᠤᠰ ᠤᠨ ᠪᠠᠷᠢᠮᠵᠢᠶᠠᠲᠤ ᠺᠣᠳ᠋ ᠤᠨ ᠮᠣᠩᠭᠣᠯ ᠬᠡᠯᠡᠨ ᠦ ᠪᠦᠷᠢᠨ ᠵᠠᠭᠤᠴᠢᠲᠤ ᠦᠰᠦᠭ ᠦᠨ ᠲᠢᠭ᠌ ᠢ ᠰᠣᠳᠤᠯᠤᠨ ᠡᠭᠦᠳᠬᠦ ᠮᠡᠷᠭᠡᠵᠢᠯ

ᠣᠨᠴᠠᠯᠢᠭ᠄

ᠣᠯᠠᠨ ᠤᠯᠤᠰ ᠤᠨ ᠪᠠᠷᠢᠮᠵᠢᠶᠠᠲᠤ ᠺᠣᠳ᠋ ᠤᠨ ᠮᠣᠩᠭᠣᠯ ᠬᠡᠯᠡᠨ ᠦ ᠪᠦᠷᠢᠨ ᠵᠠᠭᠤᠴᠢᠲᠤ ᠦᠰᠦᠭ ᠦᠨ ᠲᠢᠭ᠌ ᠢ ᠰᠣᠳᠤᠯᠤᠨ ᠡᠭᠦᠳᠬᠦ ᠮᠡᠷᠭᠡᠵᠢᠯ ᠪᠣᠯ ᠨᠢᠭᠡᠨ ᠵᠦᠢᠯ ᠦᠨ ᠣᠯᠠᠨ ᠲᠠᠪᠴᠠᠩ᠂ ᠣᠯᠠᠨ ᠵᠠᠭᠤᠴᠢ᠂ ᠣᠯᠠᠨ ᠰᠢᠰᠲ᠋ᠧᠮ ᠳᠦ Unicodeᠮᠣᠩᠭᠣᠯ ᠦᠰᠦᠭ ᠪᠢᠴᠢᠭ᠌ ᠢ ᠤᠷᠤᠭᠤᠯᠵᠤ ᠭᠠᠷᠭᠠᠬᠤ ᠮᠡᠷᠭᠡᠵᠢᠯ ᠪᠣᠯᠤᠨ᠎ᠠ᠃ ᠡᠭᠦᠨ ᠳᠦ Microsoft ᠺᠣᠮᠫᠠᠨᠢ ᠶᠢᠨ Open Type ᠦᠰᠦᠭ ᠦᠨ ᠲᠢᠭ᠌ ᠦᠨ ᠮᠡᠷᠭᠡᠵᠢᠯ ᠪᠠ Apple ᠺᠣᠮᠫᠠᠨᠢ ᠶᠢᠨ AAT ᠦᠰᠦᠭ ᠦᠨ ᠲᠢᠭ᠌ ᠦᠨ ᠮᠡᠷᠭᠡᠵᠢᠯ ᠢ ᠪᠠᠭᠲᠠᠭᠠᠨ᠎ᠠ᠃

ᠮᠠᠨ ᠤ ᠺᠣᠮᠫᠠᠨᠢ ᠦᠰᠦᠭ ᠦᠨ ᠲᠢᠭ᠌ ᠢ ᠰᠣᠳᠤᠯᠤᠨ ᠡᠭᠦᠳᠬᠦ ᠮᠡᠷᠭᠡᠵᠢᠯ ᠢᠶᠡᠷ ᠳᠠᠮᠵᠢᠨ ᠡᠯ᠎ᠡ ᠵᠦᠢᠯ ᠦᠨ ᠲᠦᠬᠦᠭᠡᠷᠦᠮᠵᠢ ᠪᠣᠯᠤᠨ ᠰᠢᠰᠲ᠋ᠧᠮ(ᠵᠢᠱ᠋ᠢᠶᠡᠯᠡᠪᠡᠯ Windows,Mac OS X, Linux,Android,iphone,ipad,ipod,Windows phone 8) ᠳᠡᠬᠢ Unicode ᠤᠯᠠᠮᠵᠢᠯᠠᠯᠲᠤ ᠮᠣᠩᠭᠣᠯ ᠬᠡᠯᠡᠨ ᠦ 16 ᠲᠢᠭ᠌᠂ ᠵᠢᠴᠢ Unicode ᠢ᠋ ᠪᠠᠭᠲᠠᠭᠠᠭᠰᠠᠨ ᠮᠣᠩᠭᠣᠯ ᠬᠡᠯᠡᠨ ᠦ ᠦᠰᠦᠭ ᠲᠡᠮᠲᠡᠭ ᠦᠨ ᠪᠦᠬᠦ ᠴᠤᠭᠯᠠᠷᠠᠯ(ᠤᠯᠠᠮᠵᠢᠯᠠᠯᠲᠤ ᠮᠣᠩᠭᠣᠯ ᠬᠡᠯᠡ᠂ ᠲᠣᠳᠤ᠂ ᠰᠢᠪᠡᠭᠡ᠂ ᠮᠠᠨᠵᠤ᠂ ᠠᠯᠢ ᠭᠠᠯᠢ) ᠤ᠋ᠨ 5 ᠵᠦᠢᠯ ᠦᠨ ᠦᠰᠦᠭ ᠦᠨ ᠲᠢᠭ᠌ ᠢ ᠡᠭᠦᠳᠦᠨ ᠪᠡᠶᠡᠯᠡᠭᠦᠯᠦᠭᠰᠡᠨ ᠪᠠᠢ᠌ᠨ᠎ᠠ᠃

ᠲᠤᠰ ᠮᠡᠷᠭᠡᠵᠢᠯ ᠨᠢᠭᠡᠨᠲᠡ ᠤᠯᠤᠰ ᠤᠨ ᠭᠠᠳᠠᠨ᠎ᠠ ᠳᠣᠲᠤᠨᠠᠬᠢ ᠣᠯᠠᠨ ᠰᠦᠯᠵᠢᠶ᠎ᠡ ᠪᠠApple ᠺᠣᠮᠫᠠᠨᠢ ᠶᠢᠨ ᠤᠶᠤᠨᠲᠤ ᠲᠦᠬᠦᠭᠡᠷᠦᠮᠵᠢ ᠵᠢᠴᠢ Google ᠺᠣᠮᠫᠠᠨᠢ ᠶᠢᠨ Android ᠰᠢᠰᠲ᠋ᠧᠮ ᠳᠡᠭᠡᠷ᠎ᠡ ᠬᠡᠷᠡᠭᠯᠡᠭᠳᠡᠵᠦ ᠪᠠᠢ᠌ᠨ᠎ᠠ᠃

ᠬᠡᠷᠡᠭᠯᠡᠭᠴᠢᠳ ᠦᠨ ᠵᠢᠱ᠋ᠢᠶ᠎ᠡ᠄

ᠦᠪᠦᠷ ᠮᠣᠩᠭᠣᠯ ᠤᠨ ᠬᠡᠪᠯᠡᠯ ᠦᠨ ᠪᠦᠯᠦᠭᠯᠡᠯ(ᠦᠪᠦᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠮᠣᠩᠭᠣᠯ PC ᠶ᠋ᠢᠨ ᠰᠦᠯᠵᠢᠶ᠎ᠡ᠂ ᠦᠪᠦᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠮᠣᠩᠭᠣᠯ ᠭᠠᠷ ᠤᠲᠠᠰᠤ ᠶᠢᠨ ᠰᠦᠯᠵᠢᠶ᠎ᠡ)

ᠦᠪᠦᠷ ᠮᠣᠩᠭᠣᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶ᠎ᠠ(ᠦᠪᠦᠷ ᠮᠣᠩᠭᠣᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶ᠎ᠠ ᠶᠢᠨ PC ᠶ᠋ᠢᠨ ᠰᠦᠯᠵᠢᠶ᠎ᠡ)

ᠦᠪᠦᠷ ᠮᠣᠩᠭᠣᠯ ᠤᠨ ᠳᠡᠯᠡᠬᠡᠢ ᠨᠡᠷᠡᠮᠵᠢᠲᠦ ᠮᠡᠳᠡᠭᠡ ᠵᠠᠩᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ(ᠦᠪᠦᠷ ᠮᠣᠩᠭᠣᠯ ᠤᠨ ᠳᠡᠯᠡᠬᠡᠢ ᠨᠡᠷᠡᠮᠵᠢᠲᠦ ᠮᠡᠳᠡᠭᠡ ᠵᠠᠩᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠢᠢᠨ ᠮᠣᠩᠭᠣᠯ PC ᠶ᠋ᠢᠨ ᠰᠦᠯᠵᠢᠶ᠎ᠡ᠂   ᠦᠪᠦᠷ ᠮᠣᠩᠭᠣᠯ ᠤᠨ ᠳᠡᠯᠡᠬᠡᠢ ᠨᠡᠷᠡᠮᠵᠢᠲᠦ ᠮᠡᠳᠡᠭᠡ ᠵᠠᠩᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠢᠢᠨ ᠮᠣᠩᠭᠣᠯ ᠭᠠᠷ ᠤᠲᠠᠰᠤ ᠢᠢᠨ ᠰᠦᠯᠵᠢᠶ᠎ᠡ)

Apple ᠺᠣᠮᠫᠠᠨᠢ ᠶᠢᠨ ᠤᠶᠤᠨᠲᠤ ᠲᠦᠬᠦᠭᠡᠷᠦᠮᠵᠢ ᠳᠡᠬᠢ ᠬᠡᠰᠡᠭ ᠰᠣᠹᠲ(ᠪᠦᠲᠦᠭᠡᠭ᠍ᠳᠡᠬᠦᠨ ᠦ ᠲᠠᠨᠢᠯᠴᠠᠭᠤᠯᠭ᠎ᠠ ᠶᠢ ᠯᠠᠪᠯᠠᠨ ᠦᠵᠡᠵᠦ ᠪᠣᠯᠤᠨ᠎ᠠ)᠃

Google ᠺᠣᠮᠫᠠᠨᠢ ᠶᠢᠨ Android ᠰᠢᠰᠲ᠋ᠧᠮ ᠳᠡᠬᠢ ᠬᠡᠰᠡᠭ ᠰᠣᠹᠲ(ᠪᠦᠲᠦᠭᠡᠭ᠍ᠳᠡᠬᠦᠨ ᠦ ᠲᠠᠨᠢᠯᠴᠠᠭᠤᠯᠭ᠎ᠠ ᠶᠢ ᠯᠠᠪᠯᠠᠨ ᠦᠵᠡᠵᠦ ᠪᠣᠯᠤᠨ᠎ᠠ)᠃

Linux ᠳ᠋ᠡᠬᠢ ᠬᠡᠰᠡᠭ ᠰᠣᠹᠲ(ᠪᠦᠲᠦᠭᠡᠭ᠍ᠳᠡᠬᠦᠨ ᠦ ᠲᠠᠨᠢᠯᠴᠠᠭᠤᠯᠭ᠎ᠠ ᠶᠢ ᠯᠠᠪᠯᠠᠨ ᠦᠵᠡᠵᠦ ᠪᠣᠯᠤᠨ᠎ᠠ)᠃

ᠲᠦᠷᠦᠯ ᠠᠩᠭᠢᠯᠠᠯ᠄ ᠠᠮᠵᠢᠯᠲᠠ ᠵᠢᠱᠢᠶ᠎ᠡ.