ᠮᠣᠩᠭᠣᠯ ᠬᠢᠲᠠᠳ ᠰᠦᠯᠵᠢᠶ᠎ᠡ ᠪᠠᠢᠢᠭᠤᠯᠬᠤ ᠪᠠ ᠬᠢᠮᠠᠭᠠᠳᠠᠬᠤ

ᠡᠯᠧᠺᠲ᠋ᠷᠤᠨ ᠮᠡᠷᠭᠡᠵᠢᠯ ᠪᠠ ᠰᠦᠯᠵᠢᠶᠡᠨ ᠮᠡᠷᠭᠡᠵᠢᠯ ᠦᠨ ᠲᠦᠷᠭᠡᠨ ᠬᠦᠭ᠍ᠵᠢᠯᠲᠡ ᠡᠴᠡ ᠪᠣᠯᠵᠤ᠂ ᠢᠨᠲ᠋ᠧᠷᠨ᠋ᠧᠲ ᠰᠦᠯᠵᠢᠶ᠎ᠡ ᠶᠠᠪᠤᠬᠤ ᠳᠣᠲᠤᠮ ᠲᠦᠭᠡᠮᠡᠯᠵᠢᠵᠦ᠂ ᠬᠣᠲᠠ ᠶᠢᠨ ᠠᠷᠠᠳ ᠭᠡᠷ ᠪᠦᠬᠦᠨ ᠰᠦᠯᠵᠢᠶᠡᠵᠢᠵᠦ᠂ ᠮᠠᠯᠵᠢᠬᠤ ᠲᠠᠷᠢᠶᠠᠯᠠᠬᠤ ᠣᠷᠤᠨ ᠳᠤ ᠴᠤ ᠭᠠᠷ ᠤᠲᠠᠰᠤ ᠵᠡᠷᠭᠡ ᠰᠢᠯᠵᠢᠮᠡᠯ ᠲᠦᠬᠦᠭᠡᠷᠦᠮᠵᠢ ᠪᠡᠷ ᠰᠦᠯᠵᠢᠶᠡᠨ ᠳᠦ ᠭᠠᠷᠬᠤ ᠬᠦᠮᠦᠰ ᠶᠠᠪᠤᠬᠤ ᠳᠣᠲᠤᠮ ᠨᠡᠮᠡᠭᠳᠡᠵᠦ ᠪᠠᠢᠢᠨ᠎ᠠ᠃ ᠰᠦᠯᠵᠢᠶᠡᠨ ᠦ ᠴᠠᠭ ᠡᠷᠡᠨ ᠳ᠋ᠦ᠂ ᠬᠦᠮᠦᠰ ᠦᠨ ᠰᠦᠯᠵᠢᠶᠡᠨ ᠡᠴᠡ ᠬᠦᠷᠲᠡᠬᠦ ᠰᠤᠷᠠᠭ ᠴᠢᠮᠡᠭᠡ ᠪᠤᠰᠤᠳ ᠵᠠᠭᠤᠴᠢ ᠡᠴᠡ ᠬᠦᠷᠲᠡᠬᠦ ᠰᠤᠷᠠᠭ ᠴᠢᠮᠡᠭᠡ ᠶᠢ ᠬᠣᠯᠠ ᠳᠠᠪᠠᠭᠰᠠᠨ ᠪᠦᠭᠡᠳ ᠰᠦᠯᠵᠢᠶᠡᠨ ᠳ᠋ᠦ ᠰᠤᠷᠠᠭ ᠴᠢᠮᠡᠭᠡ ᠶᠢᠨ ᠬᠠᠷᠢᠯᠴᠠᠬᠤ ᠴᠢᠨᠠᠷ᠂ ᠬᠠᠪᠲᠠᠭᠠᠢ ᠴᠢᠨᠠᠷ ᠡᠴᠡ ᠪᠣᠯᠵᠤ᠂ ᠬᠦᠮᠦᠰ ᠶᠠᠪᠤᠬᠤ ᠳᠣᠲᠤᠮ ᠰᠦᠯᠵᠢᠶᠡᠨ ᠳᠦ ᠨᠠᠢᠢᠳᠠᠬᠤ ᠪᠣᠯᠵᠤ᠂ ᠰᠦᠯᠵᠢᠶ᠎ᠡ ᠨᠢ ᠬᠦᠮᠦᠰ ᠦᠨ ᠡᠳᠦᠷ ᠳᠣᠲᠤᠮ ᠤᠨ ᠠᠮᠢᠳᠤᠷᠠᠯ ᠳᠤᠮᠳᠠ ᠳᠤᠳᠠᠭᠳᠠᠵᠤ ᠪᠣᠯᠤᠰᠢ ᠦᠭᠡᠢ ᠠᠭᠤᠯᠭ᠎ᠠ ᠪᠣᠯᠵᠤ ᠪᠠᠢᠢᠨ᠎ᠠ᠃ ᠮᠡᠳᠡᠭᠡ ᠵᠠᠩᠭᠢᠴᠢᠯᠠᠯᠲᠠ᠎ ᠶᠢᠨ ᠶᠡᠬᠡ ᠣᠷᠴᠢᠨ ᠳᠤ᠂ ᠮᠤᠩᠭ᠋ᠤᠯᠴᠤᠳ ᠤᠨ ᠮᠣᠩᠭᠣᠯ ᠲᠣᠣᠷ ᠰᠦᠯᠵᠢᠶ᠎ᠡ ᠰᠣᠨᠢᠷᠬᠠᠬᠤ ᠬᠡᠷᠡᠭᠴᠡᠭᠡ ᠲᠤᠯᠭᠠᠮ᠎ᠠ ᠱᠠᠭᠠᠷᠳᠠᠭᠳᠠᠵᠤ᠂ ᠮᠣᠩᠭᠣᠯ ᠡᠬᠡ ᠬᠡᠯᠡ ᠪᠡᠷ ᠢᠶᠡᠨ ᠰᠦᠯᠵᠢᠶᠡᠨ ᠳᠦ ᠭᠠᠷᠴᠤ ᠰᠤᠷᠠᠭ ᠴᠢᠮᠡᠭᠡ ᠪᠠ ᠡᠷᠳᠡᠮ ᠮᠡᠳᠡᠯᠭᠡ ᠬᠦᠷᠲᠡᠬᠦ ᠶᠢ ᠬᠦᠰᠡᠵᠦ ᠪᠠᠢᠢᠨ᠎ᠠ᠃ ᠣᠳᠣᠬᠠᠨ ᠳᠤ᠂ ᠮᠣᠩᠭᠣᠯ ᠰᠦᠯᠵᠢᠶ᠎ᠡ ᠬᠡᠳᠦᠢᠢᠪᠡᠷ ᠬᠡᠳᠦᠨ ᠠᠷᠪᠠ ᠪᠠᠢᠢᠭ᠎ᠠ ᠪᠣᠯᠪᠠᠴᠤ ᠣᠯᠠᠩᠬᠢ ᠰᠦᠯᠵᠢᠶ᠎ᠡ ᠨᠢ ᠪᠠᠷᠢᠮᠵᠢᠶᠠᠲᠤ ᠺᠣᠳ᠋ ᠦᠨ ᠮᠣᠩᠭᠣᠯ ᠦᠰᠦᠭ ᠪᠢᠴᠢᠭ᠌ ᠦᠨ ᠴᠤᠭᠯᠠᠷᠠᠯ ᠢ ᠬᠡᠷᠡᠭᠯᠡᠭᠰᠡᠨ ᠦᠭᠡᠢ ᠡᠴᠡ ᠪᠣᠯᠵᠤ ᠠᠭᠤᠯᠭ᠎ᠠ ᠶᠢ ᠣᠨᠣᠪᠴᠢᠲᠠᠢ ᠡᠷᠢᠵᠦ ᠬᠡᠷᠡᠭᠯᠡᠵᠦ ᠳᠡᠢᠢᠯᠬᠦ ᠦᠭᠡᠢ᠂ ᠰᠦᠯᠵᠢᠶ᠎ᠡ ᠶᠢ ᠬᠢᠨᠠᠨ ᠵᠠᠬᠢᠷᠬᠤ ᠪᠠ ᠡᠵᠡᠮᠳᠡᠬᠦ ᠳᠦ ᠳᠦᠲᠡ ᠦᠭᠡᠢ᠂ ᠠᠭᠤᠯᠭ᠎ᠠ ᠪᠠᠨ ᠬᠠᠮᠲᠤ ᠡᠳ᠋ᠯᠡᠬᠦ ᠪᠤᠶᠤ ᠬᠠᠷᠢᠯᠴᠠᠨ ᠰᠣᠯᠢᠯᠴᠠᠵᠤ ᠳᠡᠢᠢᠯᠬᠦ ᠦᠭᠡᠢ᠃ ᠵᠦᠪᠬᠡᠨ ᠣᠯᠠᠨ ᠤᠯᠤᠰ ᠤᠨ ᠪᠠᠷᠢᠮᠵᠢᠶᠠᠲᠤ ᠺᠣᠳ᠋(Unicode) ᠦ᠋ᠨ ᠮᠣᠩᠭᠣᠯ ᠦᠰᠦᠭ ᠪᠢᠴᠢᠭ᠌ ᠦᠨ ᠴᠤᠭᠯᠠᠷᠠᠯ ᠳᠤ ᠰᠠᠭᠤᠷᠢᠯᠠᠵᠤ ᠪᠠᠢᠢᠭᠤᠯᠤᠭᠰᠠᠨ ᠮᠣᠩᠭᠣᠯ ᠰᠦᠯᠵᠢᠶ᠎ᠡ ᠶᠢᠨ ᠠᠭᠤᠯᠭ᠎ᠠ ᠰᠠᠶᠢ ᠰᠠᠭᠠᠳ ᠬᠠᠷᠰᠢ ᠦᠭᠡᠢ ᠨᠡᠪᠲᠡᠷᠡᠵᠦ ᠴᠢᠳᠠᠬᠤ ᠮᠦᠷᠲᠡᠭᠡᠨ ᠣᠯᠠᠨ ᠲᠠᠪᠴᠠᠩ᠂ ᠪᠦᠷᠢᠨ ᠵᠠᠭᠤᠴᠢᠲᠤ ᠣᠷᠴᠢᠨ ᠲᠣᠭᠤᠷᠢᠨ ᠳᠤ ᠮᠣᠩᠭᠣᠯ ᠢᠶᠡᠷ ᠬᠠᠢᠢᠬᠤ᠂ ᠠᠭᠤᠯᠭ᠎ᠠ ᠰᠣᠯᠢᠯᠴᠠᠬᠤ᠂ ᠬᠠᠮᠲᠤ ᠡᠳ᠋ᠯᠡᠬᠦ᠂ ᠬᠠᠳᠠᠭᠠᠯᠠᠬᠤ᠂ ᠣᠷᠤᠭᠤᠯᠬᠤ᠂ ᠭᠠᠷᠭᠠᠬᠤ ᠵᠡᠷᠭᠡ ᠦᠨᠳᠦᠰᠦᠨ ᠬᠡᠷᠡᠭᠯᠡᠭᠡ ᠶᠢ ᠪᠡᠶᠡᠯᠡᠭᠦᠯᠵᠦ ᠴᠢᠳᠠᠨ᠎ᠠ᠃

ᠮᠠᠨ ᠤ ᠺᠣᠮᠫᠠᠨᠢ ᠡᠴᠡ ᠪᠡᠶ᠎ᠡ ᠪᠡᠨ ᠳᠠᠭᠠᠭᠠᠵᠤ ᠰᠣᠳᠤᠯᠤᠨ ᠦᠢᠯᠡᠳᠦᠭᠰᠡᠨ ᠣᠯᠠᠨ ᠤᠯᠤᠰ ᠤᠨ ᠪᠠᠷᠢᠮᠵᠢᠶᠠᠲᠤ ᠺᠣᠳ᠋ ᠤᠨ ᠮᠣᠩᠭᠣᠯ ᠦᠰᠦᠭ ᠪᠢᠴᠢᠭ᠌ ᠢ ᠪᠦᠷᠢᠨ ᠵᠠᠭᠤᠴᠢ ᠳᠦ ᠨᠡᠢᠢᠲᠡᠯᠡᠬᠦ ᠮᠡᠷᠭᠡᠵᠢᠯ ᠢᠶᠡᠨ ᠠᠰᠢᠭᠯᠠᠵᠤ᠂ ᠨᠡᠢᠢᠭᠡᠮ ᠨᠡᠢᠢᠲᠡ ᠳᠦ ᠮᠣᠩᠭᠣᠯ ᠬᠢᠲᠠᠳ ᠰᠦᠯᠵᠢᠶ᠎ᠡ ᠪᠠᠢᠢᠭᠤᠯᠬᠤ ᠪᠠ ᠬᠢᠮᠠᠭᠠᠳᠠᠬᠤ ᠦᠢᠯᠡᠴᠢᠯᠡᠭᠡ ᠬᠠᠩᠭ᠋ᠠᠬᠤ ᠪᠠᠷ ᠪᠡᠯᠡᠬᠡᠨ ᠪᠠᠢᠢᠨ᠎ᠠ᠃ ᠮᠠᠨ ᠤ ᠺᠣᠮᠫᠠᠨᠢ ᠶᠢᠨ ᠪᠠᠢᠢᠭᠤᠯᠬᠤ ᠰᠦᠯᠵᠢᠶ᠎ᠡ ᠣᠯᠠᠨ ᠵᠦᠢᠯ ᠦᠨ ᠺᠣᠮᠫᠢᠤᠲ᠋ᠧᠷ ᠦᠨ ᠰᠢᠰᠲ᠋ᠧᠮ(Windows, Mac OS X, Linux)ᠪᠠ ᠣᠳᠣᠬᠠᠨ ᠳᠤ ᠳᠡᠯᠭᠡᠷᠡᠩᠭᠦᠢ ᠬᠡᠷᠡᠭᠯᠡᠭᠳᠡᠵᠦ ᠪᠠᠢᠢᠭ᠎ᠠ ᠡᠯ᠎ᠡ ᠵᠦᠢᠯ ᠦᠨ ᠭᠠᠷ ᠤᠲᠠᠰᠤ᠂ ᠬᠠᠪᠲᠠᠭᠠᠢ ᠺᠣᠮᠫᠢᠤᠲ᠋ᠧᠷ ᠬᠢᠭᠡᠳ ᠤᠶᠤᠨᠲᠤ ᠲᠧᠯᠸᠢᠰ ᠵᠡᠷᠭᠡ ᠤᠶᠤᠨᠲᠤ ᠲᠦᠬᠦᠭᠡᠷᠦᠮᠵᠢ(ios, Android, Windows Phone) ᠳᠡᠭᠡᠷ᠎ᠡ ᠣᠯᠠᠨ ᠤᠯᠤᠰ ᠤᠨ ᠪᠠᠷᠢᠮᠵᠢᠶᠠᠲᠤ ᠺᠣᠳ᠋ ᠤᠨ ᠮᠣᠩᠭᠣᠯ ᠦᠰᠦᠭ ᠪᠢᠴᠢᠭ᠌᠂ ᠬᠢᠲᠠᠳ ᠦᠰᠦᠭ ᠪᠢᠴᠢᠭ᠌ ᠵᠡᠷᠭᠡ ᠣᠯᠠᠨ ᠵᠦᠢᠯ ᠦᠨ ᠦᠰᠦᠭ ᠪᠢᠴᠢᠭ᠌ ᠦᠨ ᠨᠧᠲ ᠨᠢᠭᠤᠷ ᠢ ᠣᠨᠤᠪᠴᠢᠲᠠᠢ ᠣᠷᠤᠭᠤᠯᠵᠤ ᠭᠠᠷᠭᠠᠵᠤ ᠴᠢᠳᠠᠨ᠎ᠠ᠃ ᠮᠣᠩᠭᠣᠯ ᠰᠦᠯᠵᠢᠶ᠎ᠡ ᠪᠠᠢᠢᠭᠤᠯᠬᠤ ᠬᠦᠰᠡᠯ ᠲᠡᠢ ᠮᠤᠩᠭ᠋ᠤᠯᠴᠤᠳ ᠣᠯᠠᠨ ᠮᠢᠨᠢ ᠮᠠᠨ ᠤ ᠺᠣᠮᠫᠠᠨᠢ ᠲᠠᠢ ᠬᠠᠷᠢᠯᠴᠠᠬᠤ ᠪᠣᠯᠤᠭᠠᠰᠠᠢ ᠭᠡᠵᠦ ᠳᠡᠯᠡᠬᠡᠢ ᠺᠣᠮᠫᠠᠨᠢ ᠬᠦᠰᠡᠵᠦ ᠪᠠᠢᠢᠨ᠎ᠠ᠃

ᠲᠦᠷᠦᠯ ᠠᠩᠭᠢᠯᠠᠯ᠄ ᠮᠡᠷᠭᠡᠵᠢᠯ ᠦᠢᠯᠡᠴᠢᠯᠡᠭᠡ.