ᠣᠯᠠᠨ ᠬᠡᠯᠡᠨ ᠦ ᠬᠦᠳᠡᠯᠦᠩᠭᠦᠢ ᠰᠦᠯᠵᠢᠶ᠎ᠡ ᠪᠠᠢᠭᠤᠯᠬᠤ ᠡᠭᠦᠯᠡᠨ ᠲᠠᠪᠴᠠᠩ

ᠣᠯᠠᠨ ᠬᠡᠯᠡᠨ ᠦ ᠬᠦᠳᠡᠯᠦᠩᠭᠦᠢ ᠰᠦᠯᠵᠢᠶ᠎ᠡ ᠪᠠᠢᠭᠤᠯᠬᠤ ᠡᠭᠦᠯᠡᠨ ᠲᠠᠪᠴᠠᠩ ᠪᠣᠯ ᠮᠠᠨ ᠤ ᠺᠣᠮᠫᠠᠨᠢ ᠶᠢᠨ ᠪᠦᠷᠢᠨ ᠵᠠᠭᠤᠴᠢᠲᠤ ᠰᠦᠯᠵᠢᠶ᠎ᠡ ᠪᠠᠢᠭᠤᠯᠬᠤ ᠪᠠ ᠬᠢᠮᠠᠭᠠᠳᠠᠬᠤ ᠮᠡᠷᠭᠡᠵᠢᠯ ᠵᠢᠴᠢ ᠬᠦᠳᠡᠯᠦᠩᠭᠦᠢ ᠨᠧᠲ ᠲᠠᠪᠴᠠᠩ ᠢᠶᠡᠷ ᠰᠠᠭᠤᠷᠢ ᠪᠣᠯᠭᠠᠵᠤ ᠪᠠᠢᠭᠤᠯᠤᠭᠰᠠᠨ ᠣᠯᠠᠨ ᠤᠯᠤᠰ ᠤᠨ ᠪᠠᠷᠢᠮᠵᠢᠶᠠᠲᠤ ᠺᠣᠳ᠋(Unicode) ᠤ᠋ᠨ ᠮᠣᠩᠭᠣᠯ᠂ ᠬᠢᠲᠠᠳ ᠵᠡᠷᠭᠡ ᠣᠯᠠᠨ ᠬᠡᠯᠡᠨ ᠦ ᠰᠦᠯᠵᠢᠶ᠎ᠡ ᠶᠢ ᠪᠠᠢᠭᠤᠯᠬᠤ ᠂ ᠬᠠᠮᠢᠶᠠᠷᠬᠤ ᠪᠠ ᠨᠡᠢᠲᠡᠯᠡᠬᠦ ᠲᠠᠪᠴᠠᠩ ᠪᠣᠯᠤᠨ᠎ᠠ᠃ ᠲᠣᠰ ᠲᠠᠪᠴᠠᠩ ᠳᠤ᠂ ᠠᠳᠠᠯᠢ ᠪᠣᠰᠤ ᠣᠯᠠᠨ ᠬᠡᠯᠡᠨ ᠦ ᠰᠦᠯᠵᠢᠶ᠎ᠡ ᠶᠢ ᠪᠠᠢᠭᠤᠯᠬᠤ ᠂ ᠬᠠᠮᠢᠶᠠᠷᠬᠤ ᠪᠠ ᠨᠡᠢᠲᠡᠯᠡᠵᠦ ᠪᠣᠯᠤᠨ᠎ᠠ(ᠳᠣᠣᠷ᠎ᠠ ᠣᠯᠠᠨ ᠲᠦᠷᠢᠶᠡᠰᠦᠯᠡᠭᠴᠢ ᠶᠢᠨ ᠮᠣᠳᠧᠯ ᠭᠡᠵᠦ ᠳᠦᠭᠦᠮᠴᠢᠯᠡᠶ᠎ᠡ)᠃ ᠲᠤᠰ ᠲᠠᠪᠴᠠᠩ ᠳᠤ᠂ ᠰᠦᠯᠵᠢᠶ᠎ᠡ ᠪᠠᠢᠭᠤᠯᠬᠤ ᠶᠠᠪᠤᠴᠠ ᠳᠤ ᠨᠧᠲ ᠨᠢᠭᠤᠷ ᠤᠨ ᠲᠣᠢᠮᠤ ᠶᠢ ᠰᠢᠭᠤᠳ ᠠᠵᠢᠭᠯᠠᠵᠤ ᠪᠣᠯᠬᠤ ᠮᠦᠷᠲᠡᠭᠡᠨ ᠬᠡᠪ ᠬᠠᠪᠲᠠᠰᠤ ᠪᠠ ᠰᠦᠯᠵᠢᠶᠡᠨ ᠦ ᠠᠭᠤᠯᠭ᠎ᠠ ᠶᠢ ᠰᠠᠯᠤᠩᠭᠢ ᠲᠦᠰᠦᠪᠯᠡᠵᠦ᠂ ᠬᠡᠪ ᠬᠠᠪᠲᠠᠰᠤ ᠶᠢ ᠰᠤᠩᠭ᠋ᠤᠬᠤ ᠪᠠ ᠰᠣᠯᠢᠬᠤ ᠪᠠᠷ ᠳᠠᠮᠵᠢᠨ ᠲᠣᠪᠴᠢ ᠠᠪᠰᠠᠷᠬᠠᠨ ᠲᠦᠷᠭᠡᠨ ᠢᠶᠡᠷ ᠨᠧᠲ ᠨᠢᠭᠤᠷ ᠢ ᠨᠡᠢᠲᠡᠯᠡᠬᠦ ᠪᠠ ᠰᠦᠯᠵᠢᠶ᠎ᠡ ᠶᠢ ᠪᠠᠢᠭᠤᠯᠬᠤ ᠴᠢᠳᠠᠮᠵᠢ ᠲᠠᠢ᠃ ᠲᠤᠰ ᠲᠠᠪᠴᠠᠩ ᠨᠢ ᠲᠣᠷᠪᠢᠵᠢᠭᠤᠯᠤᠯᠲᠠ ᠶᠢᠨ ᠡᠵᠡᠩᠨᠡᠯᠲᠡ ᠶᠢᠨ ᠮᠣᠳᠧᠯ ᠢ ᠳᠡᠮᠵᠢᠵᠦ᠂ ᠬᠠᠮᠢᠶ᠎ᠠ ᠪᠦᠬᠦᠢ ᠭᠠᠵᠠᠷ ᠣᠷᠤᠨ᠂ ᠬᠠᠮᠢᠶ᠎ᠠ ᠪᠦᠬᠦᠢ ᠪᠠᠢᠷᠢ ᠡᠴᠡ ᠠᠢᠴᠢᠯᠠᠬᠤ ᠪᠠ ᠬᠢᠮᠠᠭᠠᠳᠠᠵᠤ ᠪᠣᠯᠤᠨ᠎ᠠ᠃

ᠣᠯᠠᠨ ᠬᠡᠯᠡᠨ ᠦ ᠬᠦᠳᠡᠯᠦᠩᠭᠦᠢ ᠰᠦᠯᠵᠢᠶ᠎ᠡ ᠪᠠᠢᠭᠤᠯᠬᠤ ᠡᠭᠦᠯᠡᠨ ᠲᠠᠪᠴᠠᠩ ᠣᠯᠠᠨ ᠲᠦᠷᠢᠶᠡᠰᠦᠯᠡᠭᠴᠢ ᠶᠢᠨ ᠣᠯᠠᠨ ᠰᠦᠯᠵᠢᠶ᠎ᠠ ᠪᠠᠷ ᠳᠠᠮᠵᠢᠨ᠂ ᠨᠢᠭᠡᠲᠦᠯᠲᠡᠢ᠂ ᠲᠦᠪᠯᠡᠷᠡᠩᠭᠦᠢ ᠬᠠᠲᠠᠭᠤ ᠵᠦᠭᠡᠯᠡᠨ ᠲᠣᠨᠤᠭ ᠤᠨ ᠲᠠᠪᠴᠠᠩ ᠢ ᠬᠠᠮᠲᠤ ᠡᠳ᠋ᠯᠡᠬᠦ ᠬᠡᠯᠪᠡᠷᠢ ᠪᠡᠷ ᠳᠠᠮᠵᠢᠨ᠂ ᠦᠨᠳᠦᠷ ᠠᠰᠢᠭᠯᠠᠮᠵᠢ ᠲᠠᠢ᠂ ᠳᠣᠣᠷ᠎ᠠ ᠦᠪᠡᠷ ᠦᠨ ᠦᠷᠳᠡᠭ ᠲᠡᠢ ᠰᠦᠯᠵᠢᠶ᠎ᠡ ᠪᠠᠢᠭᠤᠯᠬᠤ ᠪᠠ ᠶᠠᠪᠤᠭᠳᠠᠭᠤᠯᠬᠤ ᠣᠷᠴᠢᠨ ᠲᠣᠭᠤᠷᠢᠨ ᠢ ᠬᠠᠩᠭ᠋ᠠᠵᠤ ᠴᠢᠳᠠᠨ᠎ᠠ᠃ ᠲᠤᠰ ᠲᠠᠪᠴᠠᠩ ᠬᠠᠲᠠᠭᠤ ᠵᠦᠭᠡᠯᠡᠨ ᠲᠣᠨᠤᠭ ᠤᠨ ᠲᠦᠬᠦᠭᠡᠷᠦᠮᠵᠢ ᠵᠢᠴᠢ ᠰᠢᠰᠲ᠋ᠧᠮ ᠢ ᠬᠠᠮᠲᠤ ᠡᠳ᠋ᠯᠡᠵᠦ ᠴᠢᠳᠠᠬᠤ ᠪᠠᠷ ᠪᠠᠷᠠᠬᠤ ᠦᠭᠡᠢ᠂  ᠨᠧᠲ ᠨᠢᠭᠤᠷ ᠢ ᠪᠠᠢᠭᠤᠯᠬᠤ ᠪᠠ ᠨᠡᠢᠲᠡᠯᠡᠬᠦ ᠮᠡᠷᠭᠡᠵᠢᠯ ᠪᠠ ᠮᠣᠳᠧᠯ ᠢ ᠬᠠᠮᠲᠤ ᠡᠳ᠋ᠯᠡᠬᠦ ᠵᠡᠷᠭᠡ ᠣᠨᠴᠠᠯᠢᠭ ᠲᠠᠢ᠃ ᠣᠨᠴᠠᠭᠠᠢᠯᠠᠨ ᠣᠯᠠᠨ ᠤᠯᠤᠰ ᠤᠨ ᠪᠠᠷᠢᠮᠵᠢᠶᠠᠲᠤ ᠺᠣᠳ᠋(Unicode) ᠤ᠋ᠨ ᠮᠣᠩᠭᠣᠯ ᠬᠡᠯᠡᠨ ᠦ ᠪᠦᠷᠢᠨ ᠵᠠᠭᠤᠴᠢ ᠳᠤ ᠨᠡᠢᠲᠡᠯᠡᠬᠦ ᠮᠡᠷᠭᠡᠵᠢᠯ ᠦᠨ ᠬᠦᠴᠢᠷ ᠲᠦᠪᠡᠭ᠌ ᠲᠡᠢ᠂ ᠬᠣᠪᠢᠷᠠᠯᠲᠠ ᠶᠡᠬᠡ ᠂ ᠡᠯ᠎ᠡ ᠰᠢᠰᠲ᠋ᠧᠮ᠂ ᠡᠯ᠎ᠡ ᠲᠦᠬᠦᠭᠡᠷᠦᠮᠵᠢ᠂ ᠡᠯ᠎ᠡ ᠵᠦᠢᠯ ᠦᠨ ᠬᠠᠢᠭᠴᠢ ᠲᠠᠢ ᠴᠠᠭ ᠢᠮᠠᠭᠲᠠ ᠵᠣᠬᠢᠴᠠᠯᠳᠤᠬᠤ ᠵᠡᠷᠭᠡ ᠪᠠᠢᠳᠠᠯ ᠳᠤ ᠵᠣᠷᠢᠭᠤᠯᠤᠨ᠂ ᠲᠤᠰ ᠲᠠᠪᠴᠠᠩ ᠨᠢ ᠨᠢᠭᠡ ᠤᠳᠠᠭ᠎ᠠ ᠵᠣᠬᠢᠴᠠᠯᠳᠤᠪᠠᠯ ᠣᠯᠠᠨ ᠢᠶᠡᠷ ᠢᠶᠡᠨ ᠬᠠᠮᠲᠤ ᠡᠳ᠋ᠯᠡᠬᠦ ᠳᠠᠪᠠᠭᠤᠯᠢᠭ ᠴᠢᠳᠠᠮᠵᠢ ᠶᠢ ᠡᠭᠦᠳᠦᠭᠰᠡᠨ ᠪᠠᠢᠨ᠎ᠠ᠃ ᠰᠦᠯᠵᠢᠶ᠎ᠡ ᠨᠡᠢᠲᠡᠯᠡᠬᠦ ᠨᠢᠭᠡᠴᠡ ᠮᠡᠷᠭᠡᠵᠢᠯ ᠦᠨ ᠰᠢᠨ᠎ᠡ ᠬᠣᠪᠢᠷᠠᠯᠲᠠ ᠪᠠ ᠰᠢᠨ᠎ᠡ ᠲᠦᠬᠦᠭᠡᠷᠦᠮᠵᠢ ᠰᠢᠨ᠎ᠡ ᠲᠠᠪᠴᠠᠩ ᠳᠤ ᠵᠣᠬᠢᠴᠠᠬᠤ ᠵᠡᠷᠭᠡ ᠠᠰᠠᠭᠤᠳᠠᠯ ᠢ ᠪᠣᠳᠤᠯᠬᠢᠯᠠᠬᠤ ᠴᠢᠬᠤᠯᠠ ᠦᠭᠡᠢ᠂ ᠦᠪᠡᠷ ᠦᠨ ᠰᠦᠯᠵᠢᠶᠡᠨ ᠦ ᠠᠭᠤᠯᠭ᠎ᠠ ᠪᠠᠨ ᠰᠢᠨᠡᠳᠭᠡᠬᠦ ᠶᠢ ᠠᠩᠬᠠᠷᠪᠠᠯ ᠪᠣᠯᠴᠢᠬᠠᠨ᠎ᠠ᠃ ᠮᠠᠨ ᠤ ᠺᠣᠮᠫᠠᠨᠢ ᠡᠴᠡ ᠰᠦᠯᠵᠢᠶᠡᠨ ᠦ ᠲᠠᠪᠴᠠᠩ ᠤᠨ ᠶᠠᠪᠤᠭᠳᠠᠬᠤ ᠪᠠ ᠬᠢᠮᠠᠭᠠᠳᠠᠬᠤ ᠶᠢ ᠬᠠᠷᠢᠭᠤᠴᠠᠵᠤ᠂ ᠰᠢᠨ᠎ᠡ ᠮᠡᠷᠭᠡᠵᠢᠯ᠂ ᠰᠢᠨ᠎ᠡ ᠲᠦᠬᠦᠭᠡᠷᠦᠮᠵᠢ᠂ ᠰᠢᠨ᠎ᠡ ᠰᠢᠰᠲ᠋ᠧᠮ᠂ ᠰᠢᠨ᠎ᠡ ᠬᠠᠢᠭᠴᠢ ᠲᠠᠢ ᠵᠣᠬᠢᠴᠠᠬᠤ ᠵᠡᠷᠭᠡ ᠠᠰᠠᠭᠤᠳᠠᠯ ᠵᠢᠴᠢ ᠬᠠᠲᠠᠭᠤ ᠵᠦᠭᠡᠯᠡᠨ ᠲᠣᠨᠤᠭ ᠤᠨ ᠡᠳᠦᠷ ᠳᠣᠲᠤᠮ ᠤᠨ ᠬᠠᠮᠢᠶᠠᠷᠤᠯᠲᠠ ᠪᠠ ᠬᠢᠮᠠᠭᠠᠳᠠᠬᠤ ᠠᠵᠢᠯ ᠢ ᠴᠠᠭ ᠲᠣᠬᠠᠢ ᠳᠤ ᠨᠢ ᠪᠡᠶᠡᠯᠡᠭᠦᠯᠦᠨ᠎ᠡ᠃

ᠲᠦᠷᠦᠯ ᠠᠩᠭᠢᠯᠠᠯ᠄ ᠮᠡᠷᠭᠡᠵᠢᠯ ᠦᠢᠯᠡᠴᠢᠯᠡᠭᠡ.