ᠠᠵᠤ ᠠᠬᠤᠢᠢᠯᠠᠯ ᠤᠨERP ᠰᠢᠰᠲ᠋ᠧᠮ ᠪᠠ ᠡᠭᠦᠯᠡᠡ ᠲᠠᠪᠴᠠᠩ ᠪᠠᠢᠢᠭᠤᠯᠬᠤ ᠦᠢᠯᠡᠴᠢᠯᠡᠭᠡ

ᠡᠷᠬᠢᠯᠡᠭᠰᠡᠨ ᠠᠵᠢᠯ ᠤᠨ ᠮᠡᠳᠡᠭᠡ ᠵᠠᠩᠬᠢᠴᠢᠯᠠᠯᠲᠠ ᠶᠢᠨ ᠱᠠᠭᠠᠳᠠᠯᠭ᠎ᠠ ᠡᠴᠡ ᠪᠣᠯᠵᠤ᠂ ᠤᠯᠤᠰ ᠤᠨ ᠳᠣᠲᠤᠭᠠᠳᠤ ᠭᠠᠳᠠᠭᠠᠳᠤ ᠶᠢᠨ ᠡᠯ᠎ᠡ ᠲᠦᠷᠦᠯ ᠤᠨ ᠠᠵᠤ ᠠᠬᠤᠢᠢᠯᠠᠯ ᠤᠳ ᠦᠪᠡᠷ ᠲᠤᠰ ᠤᠨ ᠬᠦᠳᠡᠯᠮᠦᠷᠢ ᠬᠦᠴᠦ᠂ ᠡᠳ᠋ ᠤᠨ ᠶᠠᠪᠤᠳᠠᠯ ᠪᠠ ᠪᠣᠳᠠᠰ ᠪᠠᠷᠠᠭ᠎ᠠ ᠵᠡᠷᠭᠡ ᠶᠢᠨ ᠡᠬᠢ ᠪᠠᠶᠠᠯᠢᠭ ᠪᠣᠶᠤ ᠠᠵᠢᠯ ᠤᠨ ᠴᠣᠪᠣᠷᠠᠯ ᠤᠳ ᠶᠢᠡᠨ ᠲᠦᠯᠦᠪᠯᠡᠭᠡᠲᠡᠢ ᠪᠡᠷ ᠬᠠᠮᠢᠶᠠᠷᠠᠬᠤ ᠨᠢᠭᠡᠲᠦᠮᠡᠯ ᠰᠢᠰᠲ᠋ᠧᠮ ᠪᠠᠢᠢᠭᠤᠯᠵᠤ᠂ ᠡᠳ᠋ ᠮᠠᠲ᠋ᠸᠷᠢᠶᠠᠯ ᠢ ᠬᠠᠩᠭ᠋ᠠᠬᠤ᠂ ᠭᠦᠮᠦᠷᠭᠡ ᠳᠡᠭᠡᠨ ᠬᠠᠳᠠᠭᠠᠯᠠᠬᠤ᠂ ᠪᠠᠷᠠᠭ᠎ᠠ ᠦᠢᠯᠡᠳᠭᠡᠭᠦᠨ ᠶᠢᠡᠨ ᠪᠣᠷᠤᠯᠠᠭᠤᠯᠬᠤ ᠪᠣᠶᠤ ᠦᠢᠯᠡᠴᠢᠯᠡᠭᠡ ᠬᠢᠬᠦ᠂ ᠨᠢᠷᠪᠦ ᠶᠢᠨ ᠳᠠᠩᠰᠠ ᠬᠠᠭᠤᠳᠠᠰᠤ ᠬᠠᠮᠢᠶᠠᠷᠠᠬᠤ᠂ ᠬᠤᠳᠠᠯᠳᠤᠨ ᠠᠪᠤᠭᠰᠠᠳ ᠲᠠᠢ ᠬᠠᠷᠢᠯᠴᠠᠬᠤ ᠮᠡᠳᠡᠭᠡ ᠵᠠᠩᠬᠢ ᠵᠢ ᠬᠠᠮᠢᠶᠠᠷᠠᠬᠤ ᠵᠡᠷᠭᠡ ᠪᠦᠷᠢᠨ ᠴᠢᠳᠠᠪᠤᠷᠢ ᠲᠠᠢ ERP᠂ CRM ᠪᠣᠶᠤ SCM ᠵᠡᠷᠭᠡ ᠰᠢᠰᠲ᠋ᠧᠮ ᠤᠳ ᠢ ᠡᠮᠬᠢᠳᠭᠡᠵᠦ᠂ ᠬᠠᠨᠢ ᠺᠣᠮᠫᠠᠨᠢ ᠨᠠᠷ ᠲᠠᠢ ᠪᠠᠨ ᠬᠠᠮᠵᠢᠯᠴᠠᠭᠠᠲᠤ ᠬᠤᠳᠠᠯᠳᠤᠭᠠᠨ ᠤ ᠡᠷᠴᠢᠮᠯᠡᠨ ᠡᠵᠡᠩᠨᠡᠬᠦ ᠦᠢᠯᠡᠴᠢᠯᠡᠭᠡ ᠵᠢ ᠣᠯᠬᠤ ᠱᠠᠭᠠᠷᠳᠠᠯᠭ᠎ᠠ ᠡᠳᠦᠷ ᠢᠷᠡᠬᠦᠶ᠎ᠡ ᠣᠯᠠᠰᠢᠷᠠᠵᠤ ᠪᠠᠢᠢᠨ᠎ᠠ᠃ ᠮᠠᠨ ᠤ ᠺᠣᠮᠫᠠᠨᠢ ᠶᠠᠫᠤᠨ ᠤ ᠠᠯᠮᠠᠰ ᠺᠣᠮᠫᠠᠨᠢ ᠡᠴᠡ Compiere ERP & CRM ᠰᠢᠰᠲ᠋ᠧᠮ ᠤᠨ ᠶᠠᠫᠤᠨ ᠬᠡᠯᠡᠨ ᠤ J300-A07P ᠬᠡᠪᠯᠡᠯ ᠢ ᠣᠷᠤᠭᠤᠯᠤᠭᠰᠠᠨ ᠤ ᠰᠠᠭᠤᠷᠢᠨ ᠳᠡᠭᠡᠷ᠎ᠡ᠂ ᠳᠤᠮᠳᠠᠲᠤ ᠶᠢᠨ ᠠᠵᠤ ᠠᠬᠤᠢᠢᠯᠠᠯ ᠳᠤ ᠵᠣᠬᠢᠴᠠᠬᠤ ᠬᠢᠲᠠᠳ ᠬᠡᠪᠯᠡᠯ ᠢ ᠬᠠᠮᠲᠤᠷᠠᠨ ᠰᠤᠳᠤᠯᠵᠤ ᠭᠠᠷᠭᠠᠭᠰᠠᠨ ᠪᠠᠢᠢᠨ᠎ᠠ᠃ ᠣᠳᠣ ᠡᠨᠡ ᠰᠢᠰᠲ᠋ᠧᠮ ᠨᠢ ᠠᠩᠭ᠍ᠯᠢ ᠬᠡᠯᠡ᠂ ᠬᠢᠲᠠᠳ ᠬᠡᠯᠡ᠂ ᠶᠠᠫᠤᠨ ᠬᠡᠯᠡᠨ ᠤ ᠵᠤᠯᠭᠠᠭᠤᠷ ᠲᠠᠢ ᠣᠯᠠᠨ ᠤᠯᠤᠰ ᠤᠨ ᠪᠠᠷᠢᠮᠵᠢᠶᠠᠳᠤ ᠺᠣᠳ᠋ ᠤᠨ  ᠮᠣᠩᠭᠣᠯ ᠮᠡᠳᠡᠭᠡ ᠵᠠᠩᠭᠢ ᠶᠢ ᠰᠢᠢᠳᠪᠦᠷᠢᠯᠡᠵᠦ ᠴᠢᠳᠠᠬᠤ ᠳᠤᠮᠳᠠ ᠪᠠᠭ᠎ᠠ ᠬᠡᠯᠪᠡᠷᠢ ᠶᠢᠨ ᠠᠵᠤ ᠠᠬᠤᠢᠢᠯᠠᠯ ᠤᠨ ᠡᠷᠬᠢᠯᠡᠭᠰᠡᠨ ᠠᠵᠢᠯ ᠤᠨ ᠡᠵᠡᠩᠨᠡᠬᠦ ᠰᠢᠰᠲ᠋ᠧᠮ ᠪᠠ ᠰᠢᠰᠲ᠋ᠧᠮ ᠢ ᠡᠭᠦᠳᠬᠦ ᠡᠭᠦᠯᠡᠨ ᠲᠠᠪᠴᠠᠩ ᠪᠣᠯᠤᠭᠰᠠᠨ ᠪᠠᠢᠢᠨ᠎ᠠ᠃

ᠲᠦᠷᠦᠯ ᠠᠩᠭᠢᠯᠠᠯ᠄ ᠮᠡᠷᠭᠡᠵᠢᠯ ᠦᠢᠯᠡᠴᠢᠯᠡᠭᠡ.