ᠮᠡᠷᠭᠡᠵᠢᠯ ᠶᠢᠡᠷ ᠬᠠᠮᠵᠢᠯᠴᠠᠬᠤ ᠪᠠ ᠬᠠᠷᠢ ᠶᠢᠨ ᠰᠣᠹᠲ ᠢ ᠳᠠᠭᠠᠭᠠᠬᠤ ᠦᠢᠯᠡᠴᠢᠯᠡᠭᠡ

ᠣᠳᠣᠬᠠᠨ ᠳᠤ᠂ ᠤᠯᠤᠰ ᠤᠨ ᠳᠤᠲᠤᠭᠠᠳᠤ ᠭᠠᠳᠠᠭᠠᠳᠤ ᠶᠢᠨ ᠬᠡᠷᠡᠭᠯᠡᠭᠡᠨ ᠤ ᠰᠣᠹᠲ ᠪᠣᠶᠤ ᠰᠢᠰᠲ᠋ᠧᠮ ᠰᠤᠳᠤᠯᠤᠨ ᠦᠢᠯᠡᠳᠬᠦ ᠠᠵᠢᠯᠯᠠᠭ᠎ᠠ ᠶᠢᠨ ᠨᠢᠭᠡᠨ ᠣᠨᠴᠢᠯᠢᠭ ᠪᠣᠯ ᠣᠯᠠᠨ ᠤᠯᠤᠰ ᠤᠨ ᠬᠣᠭᠤᠷᠤᠨᠳᠤᠬᠢ ᠮᠡᠷᠭᠡᠵᠢᠯ ᠶᠢᠡᠷ ᠬᠠᠮᠵᠢᠯᠴᠠᠬᠤ ᠪᠠ ᠬᠠᠷᠢ ᠶᠢᠨ ᠰᠣᠹᠲ ᠢ ᠳᠠᠭᠠᠭᠠᠬᠤ ᠦᠢᠯᠡᠴᠢᠯᠡᠭᠡ ᠪᠣᠯᠤᠨ᠎ᠠ᠃ ᠮᠠᠨ ᠤ ᠺᠣᠮᠫᠠᠨᠢ ᠣᠯᠠᠨ ᠤᠯᠤᠰ ᠤᠨ ᠪᠠᠷᠢᠮᠵᠢᠶᠠᠨ ᠳᠤ ᠨᠡᠢᠢᠴᠡᠭᠰᠡᠨ ᠺᠣᠳ᠋ ᠶᠢᠡᠷ ᠮᠣᠩᠭᠣᠯ ᠪᠢᠴᠢᠭ᠌ ᠤᠨ ᠮᠡᠳᠡᠭᠡ ᠵᠠᠩᠬᠢ ᠰᠢᠢᠳᠪᠦᠷᠢᠯᠡᠬᠦ ᠭᠣᠣᠯᠠᠭᠴᠢ ᠮᠡᠷᠭᠡᠵᠢᠯ ᠢ ᠡᠵᠡᠮᠰᠢᠵᠦ ᠪᠠᠢᠢᠬᠤ ᠪᠦᠭᠡᠳ᠂ ᠣᠯᠠᠨ ᠬᠡᠯᠡᠲᠦ ᠬᠦᠳᠡᠯᠦᠩᠭᠦᠢ ᠰᠦᠯᠵᠢᠶᠡᠨ ᠤ ᠠᠭᠤᠯᠭ᠎ᠠ ᠬᠠᠮᠢᠶᠠᠷᠠᠬᠤ ᠪᠣᠶᠤ ᠡᠭᠦᠯᠡᠨ ᠲᠠᠪᠴᠠᠩ ᠪᠠᠢᠢᠭᠤᠯᠤᠨ ᠡᠵᠡᠩᠨᠡᠬᠦ ᠮᠡᠷᠭᠡᠵᠢᠯ᠂ ᠣᠯᠠᠨ ᠬᠡᠯᠡᠲᠦ e- ᠠᠷᠠᠯᠵᠢᠶᠠᠨ ᠤ ᠳᠡᠯᠭᠡᠭᠦᠷ ᠦᠢᠯᠡᠳᠬᠦ ᠲᠠᠪᠴᠠᠩ ᠢ ᠪᠠᠢᠢᠭᠤᠯᠤᠨ ᠡᠵᠡᠩᠨᠡᠬᠦ ᠮᠡᠷᠭᠡᠵᠢᠯ᠂ ᠣᠯᠠᠨ ᠬᠡᠯᠡᠲᠦ ᠠᠵᠤ ᠠᠬᠤᠢᠢᠯᠠᠯ ᠤᠨ ᠡᠬᠢ ᠪᠠᠶᠠᠯᠢᠭ ᠤᠨ ᠲᠦᠯᠦᠪᠯᠡᠭᠡ ᠬᠠᠮᠢᠶᠠᠷᠤᠯᠲᠠ ᠶᠢᠨ ᠮᠡᠷᠭᠡᠵᠢᠯ ᠪᠠ ᠪᠦᠷᠢᠨ ᠵᠠᠭᠤᠴᠢᠲᠤ ᠳ᠋ᠢᠭᠢᠲ ᠶᠢᠡᠷ ᠬᠡᠪᠯᠡᠨ ᠨᠡᠢᠢᠲᠡᠯᠡᠬᠦ ᠮᠡᠷᠭᠡᠵᠢᠯ ᠵᠡᠷᠭᠡ ᠣᠯᠠᠨ ᠲᠦᠷᠦᠯ ᠤᠨ ᠰᠢᠨ᠎ᠡ ᠮᠡᠷᠭᠡᠵᠢᠯ ᠢ ᠡᠵᠡᠮᠰᠢᠵᠤ ᠪᠠᠢᠢᠬᠤ ᠲᠤᠯᠠ᠂ ᠤᠯᠤᠰ ᠤᠨ ᠳᠣᠲᠤᠭᠠᠳᠤ ᠭᠠᠳᠠᠭᠠᠳᠤ ᠶᠢᠨ ᠬᠠᠨᠢ ᠬᠠᠮᠰᠠᠭᠠᠲᠠᠨ ᠨᠠᠷ ᠲᠠᠢ ᠪᠠᠨ ᠮᠡᠷᠭᠡᠵᠢᠯ ᠶᠢᠡᠷ ᠬᠠᠮᠵᠢᠯᠴᠠᠬᠤ᠂ ᠰᠢᠯᠢᠳᠡᠭ ᠪᠦᠳᠦᠭᠡᠭᠳᠡᠭᠦᠨ ᠤ ᠣᠷᠤᠯᠠᠭᠴᠢ ᠬᠢᠬᠦ ᠪᠠ ᠬᠠᠷᠢ ᠶᠢᠨ ᠰᠣᠹᠲ ᠢ ᠳᠠᠭᠠᠭᠠᠬᠤ ᠵᠡᠷᠭᠡ ᠣᠯᠠᠨ ᠬᠡᠯᠪᠡᠷᠢ ᠶᠢᠨ ᠦᠢᠯᠡᠴᠢᠯᠡᠭᠡ ᠬᠢᠵᠦ ᠴᠢᠳᠠᠨ᠎ᠠ᠃

ᠲᠦᠷᠦᠯ ᠠᠩᠭᠢᠯᠠᠯ᠄ ᠮᠡᠷᠭᠡᠵᠢᠯ ᠦᠢᠯᠡᠴᠢᠯᠡᠭᠡ.