ᠮᠡᠳᠡᠭᠡ ᠵᠠᠩᠬᠢ ᠰᠢᠢᠳᠪᠦᠷᠢᠯᠡᠬᠦ ᠮᠡᠷᠭᠡᠵᠢᠯ ᠤᠨ ᠯᠠᠪᠯᠠᠯᠲᠠ ᠬᠢᠨᠠᠯᠲᠠ ᠬᠢᠬᠦ

ᠣᠯᠠᠨ ᠤᠯᠤᠰ ᠤᠨ ᠪᠠᠷᠢᠮᠵᠢᠶᠠᠨ ᠤ ᠮᠣᠩᠭᠣᠯ ( ᠤᠢᠢᠭᠤᠷᠵᠢᠨ ᠮᠣᠩᠭᠣᠯ᠂ ᠲᠣᠳᠤ ᠮᠣᠩᠭᠣᠯ᠂ ᠱᠢᠪᠡᠭᠡ᠂ ᠮᠠᠨᠵᠤ᠂ ᠠᠯᠢ ᠭᠠᠯᠢ ᠬᠡᠯᠡᠨ ᠤ ᠦᠰᠦᠭ ᠢ ᠪᠦᠷ ᠪᠠᠭᠲᠠᠭᠠᠨ᠎ᠠ ) ᠪᠢᠴᠢᠭ᠌ ᠲᠦ ᠨᠡᠢᠢᠴᠡᠭᠰᠡᠨ ᠺᠣᠳ᠋ ᠶᠢᠡᠷ ᠮᠣᠩᠭᠣᠯ ᠪᠢᠴᠢᠭ᠌ ᠤᠨ ᠮᠡᠳᠡᠭᠡ ᠵᠠᠩᠬᠢ ᠰᠢᠢᠳᠪᠦᠷᠢᠯᠡᠬᠦ ᠭᠣᠣᠯᠠᠭᠴᠢ ᠮᠡᠷᠭᠡᠵᠢᠯ ᠪᠣᠯ ᠮᠣᠩᠭᠣᠯ ᠦᠰᠦᠭ ᠪᠢᠴᠢᠭ᠌ ᠤᠨ ᠮᠡᠳᠡᠭᠡ ᠵᠠᠩᠬᠢ ᠰᠢᠢᠳᠪᠦᠷᠢᠯᠡᠬᠦ ᠲᠡᠦᠬᠡᠨ ᠳᠡᠭᠡᠷᠡᠬᠢ ᠠᠤᠭ᠎ᠠ ᠶᠡᠬᠡ ᠡᠭᠦᠳᠦᠯᠲᠡ ᠪᠣᠯᠤᠨ᠎ᠠ᠃ ᠡᠨᠡ ᠮᠡᠷᠭᠡᠵᠢᠯ ᠨᠢ ᠮᠣᠩᠭᠣᠯ ᠦᠰᠦᠭ ᠪᠢᠴᠢᠭ᠌ ᠤᠨ ᠮᠡᠳᠡᠭᠡ ᠵᠠᠩᠬᠢᠴᠢᠯᠠᠯᠲᠠ ᠶᠢᠨ ᠭᠦᠷᠢᠶ᠎ᠡ ᠬᠡᠪᠴᠢᠶᠡᠨ ᠳᠡᠬᠢ ᠤᠳᠠᠭᠠᠨ ᠵᠢᠯ ᠤᠨ ᠲᠤᠷᠰᠢ ᠭᠣᠣᠯᠠᠭᠴᠢ ᠮᠡᠷᠭᠡᠵᠢᠯ ᠢ ᠦᠪᠡᠷᠲᠡᠭᠡᠨ ᠬᠢᠵᠦ ᠳᠡᠢᠢᠯᠬᠦ ᠦᠭᠡᠢ᠂ ᠡᠯ᠎ᠡ ᠵᠦᠢᠯ ᠤᠨ ᠪᠠᠷᠢᠮᠵᠢᠶ᠎ᠠ ᠪᠣᠰᠤ ᠺᠣᠳ᠋ ᠢ ᠬᠡᠷᠡᠭᠯᠡᠭᠰᠡᠨ ᠡᠴᠡ ᠪᠣᠯᠤᠭᠰᠠᠨ ᠡᠮᠬᠢ ᠵᠠᠮᠪᠠᠷᠠᠭ᠎ᠠ ᠦᠭᠡᠢ᠂ ᠬᠣᠭᠤᠷᠤᠨᠳᠤ ᠪᠠᠨ ᠨᠡᠪᠲᠡᠷᠡᠯᠴᠡᠨ ᠰᠣᠯᠢᠯᠴᠠᠵᠤ ᠳᠡᠢᠢᠯᠬᠦ ᠦᠭᠡᠢ᠂ ᠬᠡᠷᠡᠭᠯᠡᠭᠡᠨ ᠤ ᠰᠢᠰᠲ᠋ᠧᠮ ᠤᠳ ᠨᠢ ᠪᠦᠷ ᠳᠡᠯᠭᠡᠷᠡᠩᠭᠦᠢ ᠵᠠᠷᠤᠵᠤ ᠳᠡᠢᠢᠯᠬᠦ ᠦᠭᠡᠢ ᠪᠠᠢᠢᠳᠠᠯ ᠢ ᠦᠨᠳᠦᠰᠦᠨ ᠡᠴᠡ ᠨᠢ ᠦᠭᠡᠷᠡᠴᠢᠯᠡᠵᠦ᠂ ᠮᠣᠩᠭᠣᠯ ᠦᠨᠳᠦᠰᠦᠲᠡᠨ ᠤ ᠦᠭᠡ ᠬᠡᠯᠡ ᠦᠰᠦᠭ ᠪᠢᠴᠢᠭ᠌᠂ ᠤᠳᠬ᠎ᠠ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ ᠪᠠ ᠠᠵᠤ ᠠᠬᠤᠢ᠂ ᠡᠳᠦᠷ ᠳᠣᠲᠤᠮ ᠤᠨ ᠠᠮᠢᠳᠤᠷᠠᠯ ᠵᠡᠷᠭᠡ ᠡᠯ᠎ᠡ ᠲᠠᠯ᠎ᠠ ᠳᠤ ᠪᠦᠷ ᠯᠣᠳᠣ ᠶᠡᠬᠡ ᠨᠦᠯᠦᠭᠡ ᠦᠵᠡᠭᠦᠯᠬᠦ ᠨᠢ ᠳᠠᠮᠵᠢᠭ ᠦᠭᠡᠢ ᠶᠤᠮ᠃ ᠮᠠᠨ ᠤ ᠺᠣᠮᠫᠠᠨᠢ ᠣᠯᠠᠨ ᠤᠯᠤᠰ ᠤᠨ ᠪᠠᠷᠢᠮᠵᠢᠶᠠᠨ ᠤ ᠮᠣᠩᠭᠣᠯ ᠦᠰᠦᠭ ᠪᠢᠴᠢᠭ᠌ ᠤᠨ ᠮᠡᠳᠡᠭᠡ ᠵᠠᠩᠬᠢ ᠰᠢᠢᠳᠪᠦᠷᠢᠯᠡᠬᠦ ᠮᠡᠷᠭᠡᠵᠢᠯ ᠂ ᠰᠦᠯᠵᠢᠶᠡᠨ ᠦ ᠵᠦᠭᠡᠯᠡᠨ ᠲᠣᠨᠤᠭ ᠰᠣᠳᠤᠯᠤᠨ ᠦᠢᠯᠡᠳᠬᠦ᠂ e- ᠠᠷᠠᠯᠵᠢᠶᠠᠨ ᠤ ᠰᠢᠰᠲ᠋ᠧᠮ ᠢ ᠡᠭᠦᠳᠬᠦ ᠪᠠ ᠡᠵᠡᠩᠨᠡᠬᠦ ᠮᠡᠷᠭᠡᠵᠢᠯ᠂ ERP ᠰᠢᠰᠲ᠋ᠧᠮ ᠦᠨ ᠮᠡᠷᠭᠡᠵᠢᠯ ᠵᠡᠷᠭᠡ ᠣᠯᠠᠨ ᠲᠠᠯ᠎ᠠ ᠪᠠᠷ ᠨᠡᠢᠢᠭᠡᠮ ᠨᠡᠢᠢᠲᠡ ᠳᠦ ᠯᠠᠪᠯᠠᠯᠲᠠ᠂ ᠬᠢᠨᠠᠯᠲᠠ ᠶᠢᠨ ᠦᠢᠯᠡᠴᠢᠯᠡᠭᠡ ᠬᠢᠵᠦ ᠪᠠᠢᠢᠨ᠎᠎ᠠ᠃

ᠲᠦᠷᠦᠯ ᠠᠩᠭᠢᠯᠠᠯ᠄ ᠮᠡᠷᠭᠡᠵᠢᠯ ᠦᠢᠯᠡᠴᠢᠯᠡᠭᠡ.