ᠳᠡᠯᠡᠬᠡᠢ ᠺᠣᠮᠫᠠᠨᠢ ᠶᠢᠨ ᠲᠣᠪᠴᠢ ᠲᠠᠨᠢᠯᠴᠠᠭᠤᠯᠭ᠎ᠠ

ᠦᠪᠦᠷ ᠮᠤᠩᠭᠤᠯ ᠤᠨ ᠳᠡᠯᠡᠬᠡᠢ ᠮᠡᠳᠡᠭᠡ ᠵᠠᠩᠬᠢ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠳᠤᠮᠳᠠᠲᠤ ᠭᠠᠳᠠᠭᠠᠳᠤ ᠪᠡᠯᠡ ᠨᠡᠢᠢᠯᠡᠭᠦᠯᠦᠨ ᠪᠠᠢᠢᠭᠤᠯᠤᠭᠰᠠᠨ᠂ ᠳᠡᠯᠡᠬᠡᠢᠴᠢᠯᠡᠯᠲᠡ ᠶᠢᠨ ᠰᠣᠹᠲ ᠰᠤᠳᠤᠯᠤᠨ ᠭᠠᠷᠭᠠᠬᠤ ᠪᠦᠭᠡᠳ ᠮᠡᠷᠭᠡᠵᠢᠯ ᠤᠨ ᠦᠢᠯᠡᠴᠢᠯᠡᠭᠡ ᠵᠢ ᠲᠤᠰᠭᠠᠢ ᠬᠢᠳᠡᠭ ᠳᠡᠭᠡᠳᠦ ᠰᠢᠨ᠎ᠡ ᠮᠡᠷᠭᠡᠵᠢᠯᠲᠡᠢ ᠺᠣᠮᠫᠠᠨᠢ ᠪᠣᠯᠤᠨ᠎ᠠ᠃ ᠮᠠᠨ ᠤ ᠺᠣᠮᠫᠠᠨᠢ ᠣᠯᠠᠨ ᠤᠯᠤᠰ ᠤᠨ ᠪᠠᠷᠢᠮᠵᠢᠶᠠᠨ ᠳᠤ ᠨᠡᠢᠢᠴᠡᠭᠰᠡᠨ ᠺᠣᠳ᠋ᠲᠤ ᠮᠤᠩᠭᠤᠯ ᠦᠰᠦᠭ ᠤᠨ ᠪᠦᠷᠢᠨ ᠵᠠᠭᠤᠴᠢᠲᠤ ᠰᠢᠰᠲ᠋ᠧᠮ ᠰᠤᠳᠤᠯᠤᠨ ᠦᠢᠯᠡᠳᠬᠦ ᠮᠡᠷᠭᠡᠵᠢᠯ ᠶᠢᠡᠷ ᠭᠣᠣᠯᠯᠠᠵᠤ᠂ ᠦᠨᠳᠦᠰᠦᠲᠡᠨ ᠪᠣᠶᠤ ᠭᠠᠵᠠᠷ ᠣᠷᠤᠨ ᠤ ᠦᠰᠦᠭ ᠪᠢᠴᠢᠭ᠌ ᠪᠠ ᠰᠣᠶᠣᠯ ᠮᠡᠷᠭᠡᠵᠢᠯ ᠤᠨ ᠮᠡᠳᠡᠭᠡ ᠵᠠᠩᠬᠢᠴᠢᠯᠠᠬᠤ᠂ ᠪᠠᠷᠢᠮᠵᠢᠶᠠᠵᠢᠭᠤᠯᠬᠤ᠂ ᠲᠦᠭᠡᠮᠡᠯᠵᠢᠭᠦᠯᠬᠦ ᠦᠢᠯᠡᠰ ᠶᠢᠡᠷ ᠬᠠᠷᠠᠯᠲᠠ ᠪᠣᠯᠭᠠᠵᠤ᠂ ᠣᠯᠠᠨ ᠬᠡᠯᠡᠲᠦ᠂ ᠲᠠᠪᠴᠠᠩ ᠢᠯᠭᠠᠯ ᠦᠭᠡᠢ᠂ ᠪᠦᠷᠢᠨ ᠵᠠᠭᠤᠴᠢᠲᠤ ᠣᠷᠴᠢᠨ ᠳᠡᠬᠢ ᠮᠡᠳᠡᠭᠡ ᠵᠠᠩᠬᠢ ᠵᠢ ᠬᠠᠢᠢᠬᠤ ᠪᠣᠶᠤ ᠨᠡᠢᠢᠲᠡᠯᠡᠬᠦ ᠮᠡᠷᠭᠡᠵᠢᠯ᠂ ᠬᠦᠳᠡᠯᠦᠩᠭᠦᠢ ᠰᠦᠯᠵᠢᠶᠡᠨ ᠳᠡᠭᠡᠷᠡᠬᠢ ᠠᠭᠤᠯᠭ᠎ᠠ ᠵᠢ ᠬᠠᠮᠢᠶᠠᠷᠬᠤ ᠮᠡᠷᠭᠡᠵᠢᠯ᠂ ᠡᠯᠧᠺᠲ᠋ᠷᠦᠨ ᠬᠤᠳᠠᠯᠳᠤᠭᠠᠨ ᠤ ᠳᠡᠯᠭᠡᠭᠦᠷ ᠦᠢᠯᠡᠳᠬᠦ ᠮᠡᠷᠭᠡᠵᠢᠯ᠂ ᠠᠵᠤ ᠠᠬᠤᠢᠢᠯᠠᠯ ᠤᠨ ᠡᠬᠢ ᠪᠠᠶᠠᠯᠢᠭ ᠤᠨ ᠲᠦᠯᠦᠪᠯᠡᠭᠡ ᠵᠢ ᠬᠠᠮᠢᠶᠠᠷᠬᠤ ᠮᠡᠷᠭᠡᠵᠢᠯ ᠬᠢᠭᠡᠳ ᠮᠡᠳᠡᠭᠡ ᠵᠠᠩᠬᠢᠴᠢᠯᠠᠭᠰᠠᠨ ᠰᠢᠰᠲ᠋ᠧᠮ ᠤᠨ ᠠᠮᠤᠷ ᠲᠦᠪᠰᠢᠨ ᠢ ᠬᠠᠮᠠᠭᠠᠯᠠᠬᠤ ᠮᠡᠷᠭᠡᠵᠢᠯ ᠤᠳ ᠢ ᠰᠤᠳᠤᠯᠤᠨ ᠦᠢᠯᠡᠳᠴᠦ ᠪᠠᠢᠢᠨ᠎ᠠ᠃ ᠮᠠᠨ ᠤ ᠺᠣᠮᠫᠠᠨᠢ ᠶᠢᠨ ᠵᠠᠬᠢᠷᠤᠯ ᠨᠠᠷ ᠪᠦᠷ ᠭᠠᠳᠠᠭᠠᠳᠤ ᠤᠯᠤᠰ ᠡᠴᠡ ᠪᠣᠴᠠᠨ ᠢᠷᠡᠭᠰᠡᠨ ᠪᠦᠭᠡᠳ ᠳᠡᠯᠡᠬᠡᠢᠢᠴᠢᠯᠡᠯᠲᠡ ᠶᠢᠨ ᠰᠣᠹᠲ ᠰᠤᠳᠤᠯᠬᠤ ᠠᠵᠢᠯ ᠪᠠ ᠮᠡᠷᠭᠡᠵᠢᠯ ᠤᠨ ᠦᠢᠯᠡᠴᠢᠯᠡᠭᠡ ᠶᠢ ᠣᠯᠠᠨ ᠵᠢᠯ ᠬᠢᠭ᠍ᠰᠡᠨ ᠮᠡᠷᠭᠡᠵᠢᠯᠲᠡᠳ ᠴᠢᠳᠠᠪᠤᠷᠢᠲᠠᠳ ᠪᠠᠢᠢᠨ᠎ᠠ᠂ ᠤᠯᠤᠰ ᠣᠷᠤᠨ ᠤ ᠰᠢᠨᠵᠢᠯᠡᠬᠦ ᠤᠬᠠᠭᠠᠨ ᠰᠤᠳᠤᠯᠭᠠᠨ ᠬᠢᠬᠦ ᠫᠷᠤᠵᠸᠺᠲ ᠶᠢᠨ ᠵᠠᠷᠤᠳᠠᠯ ᠮᠦᠩᠬᠦᠨ ᠤ ᠳᠡᠮᠵᠢᠯᠭᠡ ᠵᠢ ᠣᠯᠤᠭᠰᠠᠨ ᠰᠠᠭᠤᠷᠢ ᠳᠡᠭᠡᠷ᠎ᠡ᠂ ᠳᠣᠲᠤᠭᠠᠳᠤ ᠭᠠᠳᠠᠭᠠᠳᠤ ᠶᠢᠨ ᠬᠠᠨᠢ ᠬᠠᠮᠰᠠᠭᠠᠲᠠᠨ ᠺᠣᠮᠫᠠᠨᠢ ᠤᠳ ᠲᠠᠢ ᠪᠠᠨ ᠭᠦᠨ ᠭᠦᠨᠵᠡᠭᠡᠢ᠂ ᠣᠯᠠᠨ ᠬᠡᠯᠪᠡᠷᠢ ᠶᠢᠨ ᠪᠠᠢᠢᠯᠳᠤᠬᠤ ᠪᠣᠳᠤᠯᠭᠠᠨ ᠤ ᠬᠠᠮᠲᠤᠷᠠᠯ ᠬᠢᠵᠤ᠂ ᠪᠦᠬᠦ ᠨᠡᠢᠢᠭᠡᠮ ᠳᠦ ᠪᠣᠬᠢᠷᠳᠤᠯ ᠦᠭᠡᠢ ᠰᠣᠹᠲ ᠲᠠᠪᠴᠠᠩ ᠢ ᠰᠤᠳᠤᠯᠤᠨ ᠦᠢᠯᠡᠳᠴᠦ᠂ ᠦᠨᠳᠦᠰᠦᠲᠡᠨ ᠤ ᠰᠢᠯᠢᠳᠡᠭ ᠪᠦᠲᠦᠭᠡᠭᠳᠡᠭᠦᠨ ᠪᠠ ᠰᠢᠯᠭᠠᠷᠠᠭᠰᠠᠨ ᠦᠢᠯᠡᠴᠢᠯᠡᠭᠡ ᠪᠡᠷ ᠳᠠᠮᠵᠢᠨ᠂ ᠮᠠᠨ ᠤ ᠺᠣᠮᠫᠠᠨᠢ ᠶᠢᠨ ᠭᠣᠣᠯᠯᠠᠭᠴᠢ ᠦᠷᠲᠡᠭ ᠶᠢᠡᠨ ᠪᠡᠶᠡᠯᠡᠭᠦᠯᠵᠦ ᠴᠢᠳᠠᠨ᠎ᠠ᠃

ᠳᠡᠯᠡᠬᠡᠢ ᠺᠣᠮᠫᠠᠨᠢ 《ᠨᠠᠷᠢᠯᠢᠭ ᠮᠡᠷᠭᠡᠵᠢᠯ᠂ ᠦᠨᠡᠨᠴᠢ ᠦᠢᠯᠡᠴᠢᠯᠡᠭᠡ᠂ ᠬᠠᠮᠲᠤᠪᠠᠷ ᠭᠦᠭᠵᠢᠬᠦ᠂ ᠰᠢᠯᠢᠳᠡᠭ ᠪᠦᠲᠦᠭᠡᠭᠳᠡᠭᠦᠨ ᠤ ᠪᠣᠳᠤᠯᠭ᠎ᠠ ᠭᠡᠰᠡᠨ ᠡᠵᠡᠩᠨᠡᠬᠦ ᠦᠵᠡᠯᠲᠡ》 ᠶᠢ ᠡᠷᠬᠢᠮᠯᠡᠵᠦ᠂ 《ᠦᠢᠯᠡᠰᠴᠢ ᠣᠪᠤᠷ᠂ ᠡᠭᠦᠳᠬᠦ ᠵᠣᠷᠢᠭ᠂ ᠦᠨᠡᠨᠴᠢ ᠴᠢᠨᠠᠷ᠂ ᠬᠠᠮᠵᠢᠯᠴᠠᠬᠤ ᠬᠠᠷᠠᠯᠲᠠ》 ᠭᠡᠰᠡᠨ ᠠᠵᠤ ᠠᠬᠤᠢᠢᠯᠠᠯ ᠤᠨ ᠰᠣᠶᠣᠯ ᠢ ᠡᠭᠦᠳᠦᠨ ᠬᠦᠭᠵᠢᠭᠦᠯᠵᠤ᠂ ᠵᠠᠪᠰᠢᠶᠠᠨ ᠢ ᠪᠠᠷᠢᠮᠲᠠᠯᠠᠨ ᠲᠦᠷᠭᠡᠨ ᠬᠦᠭᠵᠢᠭ᠌ᠰᠡᠨ ᠤ ᠰᠠᠭᠤᠷᠢᠨ ᠳᠡᠭᠡᠷ᠎ᠡ ᠵᠠᠬ᠎ᠠ ᠳᠡᠯᠭᠡᠭᠦᠷ ᠤᠨ ᠴᠢᠭ᠍ᠯᠡᠯ  ᠢ ᠵᠢᠯᠤᠭᠤᠳᠤᠨ᠂ ᠨᠢᠭᠲᠠ ᠬᠠᠮᠲᠤᠷᠠᠯ ᠶᠢᠡᠷ ᠨᠡᠢᠢᠭᠡᠮ ᠤᠨ ᠱᠠᠭᠠᠷᠳᠠᠯᠭ᠎ᠠ ᠵᠢ ᠬᠠᠩᠭᠠᠵᠤ᠂ ᠬᠡᠷᠡᠭᠯᠡᠭᠴᠢᠳ ᠣᠯᠠᠨ ᠲᠠᠢ ᠪᠠᠨ ᠬᠠᠮᠲᠤᠪᠠᠷ ᠬᠦᠭᠵᠢᠨ᠎ᠠ᠃

ᠰᠤᠳᠤᠯᠤᠯ ᠤᠨ ᠭᠣᠣᠯ ᠠᠭᠤᠯᠭ᠎ᠠ ᠪᠠ ᠡᠵᠡᠩᠨᠡᠬᠦ ᠬᠡᠪᠴᠢᠶ᠎ᠡ

ᠣᠯᠠᠨ ᠤᠯᠤᠰ ᠤᠨ ᠪᠠᠷᠢᠮᠵᠢᠶᠠᠨ ᠳᠤ ᠨᠡᠢᠢᠴᠡᠭᠰᠡᠨ ᠺᠣᠳ᠋ᠲᠤ ᠮᠤᠩᠭᠤᠯ ᠦᠰᠦᠭ ᠤᠨ ᠪᠦᠷᠢᠨ ᠵᠠᠭᠤᠴᠢᠲᠤ ᠮᠡᠳᠡᠭᠡ ᠵᠠᠩᠬᠢ ᠰᠢᠢᠳᠪᠦᠷᠢᠯᠡᠬᠦ ᠭᠣᠣᠯᠯᠠᠭᠴᠢ ᠮᠡᠷᠭᠡᠵᠢᠯ ᠤᠨ ᠰᠤᠳᠤᠯᠭᠠᠨ ᠬᠢᠬᠦ ᠪᠠ ᠪᠦᠲᠦᠭᠡᠭᠳᠡᠭᠦᠨ ᠦᠢᠯᠡᠳᠦᠨ᠎ᠡ᠃

ᠳᠡᠯᠡᠬᠡᠢᠢᠴᠢᠯᠡᠭᠰᠡᠨ ᠡᠯᠧᠺᠲ᠋ᠷᠦᠨ ᠬᠤᠳᠠᠯᠳᠤᠭᠠᠨ ᠤ ᠳᠡᠯᠭᠡᠭᠦᠷ ᠢ ᠰᠤᠳᠤᠯᠤᠨ ᠦᠢᠯᠡᠳᠬᠦ ᠪᠠ ᠡᠷᠴᠢᠮᠯᠡᠭᠰᠡᠨ ᠲᠠᠪᠴᠠᠩ ᠢ ᠡᠵᠡᠩᠨᠡᠬᠦ ᠦᠢᠯᠡᠴᠢᠯᠡᠭᠡ ᠬᠢᠨ᠎ᠡ᠃

ᠳᠡᠯᠡᠬᠡᠢᠢᠴᠢᠯᠡᠭᠰᠡᠨ ERP ᠰᠢᠰᠲ᠋ᠧᠮ ᠢ ᠰᠤᠳᠤᠯᠤᠨ ᠦᠢᠯᠡᠳᠬᠦ ᠪᠠ ᠬᠡᠷᠡᠭᠯᠡᠭᠴᠢᠳ ᠲᠦ ᠵᠣᠬᠢᠴᠠᠭᠤᠯᠤᠨ ᠦᠢᠯᠡᠳᠬᠦ ᠦᠢᠯᠡᠴᠢᠯᠡᠭᠡ ᠬᠢᠨ᠎ᠡ᠃

ᠭᠠᠷ ᠤᠳᠠᠰᠤᠨ ᠳᠡᠭᠡᠷᠡᠬᠢ ᠬᠡᠷᠡᠭᠯᠡᠭᠡᠨ ᠤ ᠰᠢᠰᠲ᠋ᠧᠮ ᠰᠣᠹᠲ ᠨᠤᠭᠤᠳ ᠢ ᠰᠤᠳᠤᠯᠤᠨ ᠦᠢᠯᠡᠳᠬᠦ ᠪᠠ ᠪᠣᠷᠤᠯᠠᠭᠤᠯᠤᠨ ᠡᠵᠡᠩᠨᠡᠬᠦ ᠦᠢᠯᠡᠴᠢᠯᠡᠭᠡ ᠬᠢᠨ᠎ᠡ᠃

ᠡᠯᠧᠺᠲ᠋ᠷᠦᠨ ᠨᠣᠮ ᠣᠩᠰᠢᠭᠤᠷ ᠳᠡᠭᠡᠷᠡᠬᠢ ᠬᠡᠷᠡᠭᠯᠡᠭᠡᠨ ᠤ ᠰᠢᠰᠲ᠋ᠧᠮ ᠰᠣᠹᠲ ᠨᠤᠭᠤᠳ ᠢ ᠰᠤᠳᠤᠯᠤᠨ ᠦᠢᠯᠡᠳᠬᠦ ᠪᠠ ᠪᠣᠷᠤᠯᠠᠭᠤᠯᠤᠨ ᠡᠵᠡᠩᠨᠡᠬᠦ ᠦᠢᠯᠡᠴᠢᠯᠡᠭᠡ ᠬᠢᠨ᠎ᠡ᠃

ᠺᠠᠷᠲ᠋ᠤᠨ ᠺᠢᠨᠤ᠋ (Cartoon) ᠡᠮᠬᠢᠳᠭᠡᠬᠦ᠂ ᠰᠦᠯᠵᠢᠶᠡᠨ ᠤ ᠳᠠᠭᠤᠤ ᠳᠦᠷᠰᠦ ᠶᠢᠨ ᠬᠡᠷᠡᠭᠯᠡᠭᠡᠨ ᠤ ᠰᠢᠰᠲ᠋ᠧᠮ ᠰᠣᠹᠲ ᠨᠤᠭᠤᠳ ᠢ ᠰᠤᠳᠤᠯᠤᠨ ᠦᠢᠯᠡᠳᠬᠦ ᠪᠠ ᠪᠣᠷᠤᠯᠠᠭᠤᠯᠤᠨ ᠡᠵᠡᠩᠨᠡᠬᠦ ᠦᠢᠯᠡᠴᠢᠯᠡᠭᠡ ᠬᠢᠨ᠎ᠡ᠃

ᠰᠦᠯᠵᠢᠶᠡᠨ ᠳᠡᠭᠡᠷᠡᠬᠢ ᠰᠤᠷᠭᠠᠨ ᠬᠦᠮᠦᠵᠢᠭᠦᠯᠬᠦ ᠰᠣᠹᠲ᠂ ᠡᠭᠦᠯᠡᠨ ᠳᠡᠭᠡᠷᠡᠬᠢ ᠰᠤᠷᠭᠠᠨ ᠬᠦᠮᠦᠵᠢᠭᠦᠯᠬᠦ ᠲᠠᠪᠴᠠᠩ ᠢ ᠰᠤᠳᠤᠯᠤᠨ ᠦᠢᠯᠡᠳᠬᠦ ᠪᠠ ᠪᠣᠷᠤᠯᠠᠭᠤᠯᠤᠨ ᠡᠵᠡᠩᠨᠡᠬᠦ ᠦᠢᠯᠡᠴᠢᠯᠡᠭᠡ ᠬᠢᠨ᠎ᠡ᠃

ᠤᠯᠤᠰ ᠤᠨ ᠳᠣᠲᠤᠭᠠᠳᠤ ᠭᠠᠳᠠᠭᠠᠳᠤ ᠡᠴᠡ ᠰᠣᠹᠲ ᠦᠢᠯᠡᠳᠬᠦ ᠠᠵᠢᠯ ᠢ ᠲᠤᠰᠴᠤ ᠠᠪᠬᠤ ᠦᠢᠯᠡᠴᠢᠯᠡᠭᠡ ᠬᠢᠨ᠎ᠡ᠃

ᠮᠡᠳᠡᠭᠡ ᠵᠠᠩᠬᠢ ᠶᠢᠨ ᠢᠨᠵᠸᠨ᠋ᠸᠷᠢᠩ ᠳᠦ ᠯᠠᠪᠯᠠᠯᠲᠠ ᠬᠢᠨᠠᠯᠲᠠ ᠬᠢᠬᠦ ᠪᠣᠶᠤ ᠮᠡᠷᠭᠡᠵᠢᠯ ᠬᠦᠮᠦᠵᠢᠭᠦᠯᠬᠦ ᠦᠢᠯᠡᠴᠢᠯᠡᠭᠡ ᠬᠢᠨ᠎ᠡ᠃

ᠰᠦᠯᠵᠢᠶ᠎ᠡ ᠪᠣᠶᠤ ᠰᠢᠯᠵᠢᠮᠡᠯ ᠲᠦᠬᠦᠭᠡᠷᠦᠮᠵᠢ ᠳᠡᠭᠡᠷᠡᠬᠢ ᠵᠠᠷ ᠨᠡᠢᠢᠲᠡᠯᠡᠬᠦ᠂ ᠤᠬᠠᠭᠤᠯᠬᠤ ᠵᠡᠷᠭᠡ ᠶᠢᠨ ᠦᠢᠯᠡᠴᠢᠯᠡᠭᠡ ᠬᠢᠨ᠎ᠡ᠃

ᠲᠦᠷᠦᠯ ᠠᠩᠭᠢᠯᠠᠯ᠄ ᠮᠠᠨ ᠤ ᠰᠤᠷᠠᠭ.